ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 21 ᠤ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 21 ᠤ ᠡᠳᠦᠷ ᠺᠤᠩᠭᠣ᠋ ︵ᠪᠦ᠊︶ ᠶᠢᠨ ᠶᠡᠷᠦᠩᠬᠡᠶᠢᠯᠡᠭᠴᠢ ᠰᠠᠰᠦ᠋ ᠲᠠᠢ | ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠳᠤᠮᠳᠠᠳᠤ ᠺᠤᠩᠭᠣ᠋ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ | ᠲᠠᠯ᠎ᠠ ᠪᠠᠷ ᠢᠶᠠᠨ ᠢᠮᠠᠭᠲᠠ ᠬᠠᠷᠢᠯᠴᠠᠨ ᠲᠡᠮᠵᠢᠵᠥ᠂ ᠬᠠᠷᠢᠯᠴᠠᠨ ᠬᠠᠪᠰᠤᠷᠤᠯᠴᠠᠵᠤ᠂ ᠳᠡᠯᠡᠬᠡᠢ ᠶᠢᠨ ᠪᠠ ᠭᠠᠵᠠᠷ | ᠣᠷᠣᠨ ᠤ ᠬᠡᠷᠡᠭ ᠶᠠᠪᠤᠳᠠᠯ ᠳᠤᠮᠳᠠ ᠨᠢᠭᠲᠠ ᠬᠠᠮᠵᠢᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ | ᠪᠣᠯᠤᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠭᠰᠠᠭᠠᠷ | ᠢᠷᠡᠵᠠᠢ᠃ ᠨᠢᠳᠤᠨᠤᠨ ᠠᠴᠠ ᠨᠠᠭᠠᠰᠢ᠂ ᠳᠤᠮᠳᠠᠳᠤ ᠺᠤᠩᠭᠣ᠋ ᠬᠤᠶᠠᠷ ᠲᠠᠯ᠎ᠠ ᠪᠠᠷ ᠢᠶᠠᠨ ᠬᠠᠮᠲᠤ ᠪᠠᠷ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠭᠠᠷ ᠬᠤᠯᠪᠣᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠵᠤ᠂ ᠬᠤᠯᠪᠣᠭᠳᠠᠯ ᠪᠦᠬᠦᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠷᠦᠯ ᠵᠦᠢᠯ ᠤᠨ ᠠᠬᠢᠴᠠ | ᠤᠷᠤᠭᠰᠢᠲᠠᠢ ᠪᠠᠶᠢᠵᠤ᠂ ᠬᠤᠶᠠᠷ ᠤᠯᠤᠰ ᠤᠨ ᠨᠥᠬᠦᠷᠯᠡᠯ ᠪᠣᠯᠤᠨ ᠬᠠᠮᠲᠤᠷᠠᠯᠴᠠᠭ᠎ᠠ ᠭᠦᠨᠵᠡᠭᠡᠶᠢᠷᠡᠨ ᠬᠥᠭᠵᠢᠪᠡ᠃ | ᠳᠤᠮᠳᠠᠳᠤ ᠤᠯᠤᠰ ᠳᠤᠷᠠᠲᠠᠶ᠎ᠠ ᠺᠤᠩᠭᠣ᠋ ᠶᠢᠨ ᠬᠢᠨ ᠲᠠᠢ ᠬᠠᠮᠲᠤ ᠪᠠᠷ ᠤᠯᠤᠰ ᠲᠥᠷᠥ ᠶᠢᠨ ᠢᠲᠡᠭᠡᠯᠴᠡᠭᠡ ᠪᠠᠨ | ᠭᠦᠨᠵᠡᠭᠡᠶᠢᠷᠡᠭᠦᠯᠵᠦ᠂ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ | ᠳᠤᠮᠳᠠᠳᠤ ᠺᠤᠩᠭᠣ᠋ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠴᠠᠭ᠎ᠠ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠺᠤᠩᠭᠣ᠋ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠺᠤᠩᠭᠣ᠋ ᠶᠢᠨ ᠬᠢᠨ ᠤ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠥ᠂ ᠺᠤᠩᠭᠣ᠋ ᠶᠢᠨ ᠬᠢᠨ ᠤ ᠡᠬᠢ | ᠪᠠᠶᠠᠯᠢᠭ᠂ ᠣᠷᠣᠨ ᠪᠠᠶᠢᠷᠢ ᠵᠡᠷᠭᠡ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ | ᠲᠡᠮᠵᠢᠨ᠎ᠡ᠃ ᠳᠤᠮᠳᠠᠳᠤ ᠤᠯᠤᠰ ᠨᠡᠩ ᠤᠯᠠᠨ ᠪᠣᠳᠠᠲᠤ ᠬᠦᠴᠦᠨ ᠲᠠᠢ ᠳᠤᠮᠳᠠᠳᠤ ᠤᠯᠤᠰ ᠤᠨ ᠠᠵᠤ ᠠᠬᠤᠶᠢᠯᠠᠯ | ᠺᠤᠩᠭᠣ᠋ ︵ᠪᠦ᠊︶ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠳᠤᠷᠠᠲᠠᠶ᠎ᠠ | ᠺᠤᠩᠭᠣ᠋ ᠶᠢᠨ ᠬᠢᠨ ᠲᠠᠢ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ᠂ ᠠᠷᠠᠳ ᠤᠨ ᠠᠮᠢᠳᠤᠷᠠᠯ ᠵᠡᠷᠭᠡ | ᠬᠦᠷᠢᠶ᠎ᠠ ᠴᠠᠷᠠᠭᠠᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠤᠩᠭᠣ᠋ ᠶᠢᠨ ᠬᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠸᠠᠺᠼᠢᠨ ᠬᠠᠩᠭᠠᠬᠤ ᠵᠡᠷᠭᠡ ᠶᠢᠨ ᠳᠡᠮᠵᠢᠯᠭᠡ ᠬᠠᠩᠭᠠᠵᠤ᠂ | ᠺᠤᠩᠭᠣ᠋ ᠶᠢᠨ ᠠᠵᠤ ᠦᠢᠯᠡᠳᠪᠦᠷᠢᠵᠢᠯᠲᠡ᠂ ᠠᠵᠤ ᠠᠬᠤᠢ ᠶᠢᠨ ᠤᠯᠠᠨ ᠡᠰᠢᠵᠢᠯᠲᠡ ᠶᠢᠨ ᠠᠬᠢᠴᠠ ᠳᠤ ᠬᠦᠴᠦᠨ | ᠨᠡᠮᠡᠷᠢᠯᠡᠵᠦ᠂ ᠺᠤᠩᠭᠣ᠋ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠠᠹᠷᠢᠺᠠ | ᠬᠤᠶᠠᠷ ᠲᠠᠯ᠎ᠠ ᠪᠠᠷ ᠢᠶᠠᠨ ᠳᠡᠯᠡᠬᠡᠢ ᠨᠡᠶᠢᠭᠡᠮ ᠳᠤ ︽ᠠᠹᠷᠢᠺᠠ ᠲᠢᠪ ᠤᠨ ᠬᠥᠭᠵᠢᠯᠲᠡ ᠶᠢ ᠲᠠᠮᠵᠢᠬᠦ ᠬᠠᠨᠢᠲᠠᠨ ᠤ | ᠰᠠᠨᠠᠭᠠᠴᠢᠯᠠᠭ᠎ᠠ︾ ᠶᠢ ᠭᠠᠷᠭᠠᠪᠠ᠂ ᠳᠤᠮᠳᠠᠳᠤ ᠤᠯᠤᠰ ᠳᠤᠷᠠᠲᠠᠶ᠎ᠠ ᠺᠤᠩᠭᠣ᠋ ᠶᠢᠨ ᠬᠢᠨ ᠲᠠᠢ ᠬᠠᠮᠲᠤ ᠪᠠᠷ ᠴᠢᠷᠮᠠᠶᠢᠵᠤ᠂ | ᠨᠡᠩ ᠤᠯᠠᠨ ᠤᠯᠤᠰ ᠤᠨ ᠣᠷᠣᠯᠴᠠᠬᠤ ᠶᠢ ᠠᠬᠢᠭᠤᠯᠵᠤ᠂ ᠠᠹᠷᠢᠺᠠ ᠲᠢᠪ ᠤᠨ ᠬᠥᠭᠵᠢᠯᠲᠡ ᠶᠢ ᠬᠠᠮᠲᠤ ᠪᠠᠷ | ᠳᠡᠮᠵᠢᠨ᠎ᠠ᠃ ᠳᠤᠮᠳᠠᠳᠤ ᠤᠯᠤᠰ ᠺᠤᠩᠭᠣ᠋ ᠶᠢᠨ ᠬᠢᠨ ᠤ ᠰᠢᠨ᠎ᠡ ᠨᠢᠭᠡ ᠬᠤᠭᠤᠴᠠᠭᠠᠨ ᠤ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠤᠷᠠᠯ ᠳᠤ ᠢᠳᠡᠪᠬᠢᠲᠡᠢ ᠣᠷᠣᠯᠴᠠᠵᠤ᠂ ᠳᠤᠮᠳᠠᠳᠤ ᠠᠹᠷᠢᠺᠠ ᠶᠢᠨ | ᠬᠠᠷᠢᠯᠴᠠᠭᠠᠨ ᠤ ᠰᠢᠨ᠎ᠡ ᠪᠠᠶᠢᠳᠠᠯ ᠢ ᠬᠠᠮᠲᠤ ᠪᠠᠷ ᠡᠭᠦᠳᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ | ᠴᠢᠬᠤᠯᠠᠴᠢᠯᠠᠪᠠ᠃ | ᠰᠠᠰᠦ᠋᠂ ᠳᠤᠮᠳᠠᠳᠤ ᠤᠯᠤᠰ ᠤᠨ ᠡᠪ ᠬᠠᠮᠲᠤ ᠨᠠᠮ 100 ᠵᠢᠯ ᠤᠨ ᠤᠢ ᠪᠠᠨ ᠤᠭᠲᠤᠵᠤ ᠪᠠᠶᠢᠭ᠎ᠠ ᠳᠤ | ᠬᠠᠯᠠᠭᠤᠨ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ | ᠂ ᠳᠤᠮᠳᠠᠳᠤ ᠤᠯᠤᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠷᠢᠠᠠᠯᠠᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠵᠤ᠂ ᠳᠡᠯᠡᠬᠡᠢ ᠳᠡᠭᠡᠷ᠎ᠡ ᠮᠠᠰᠢ ᠴᠢᠬᠤᠯᠠ ᠦᠢᠯᠡᠳᠦᠯ ᠦᠵᠡᠭᠦᠯᠵᠦ᠂ ᠳᠤᠮᠳᠠᠳᠤ ᠤᠯᠤᠰ ᠤᠨ ᠠᠷᠠᠳ | ᠲᠦᠮᠡᠨ ᠬᠥᠭᠵᠢᠨ ᠴᠡᠴᠡᠭᠯᠡᠬᠦ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ ᠤᠯᠤᠰ | ᠺᠤᠩᠭᠣ᠋ ᠶᠢᠨ ᠬᠢᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ | ᠺᠤᠩᠭᠣ᠋ ᠶᠢᠨ ᠬᠢᠨ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠬᠤ ᠠᠰᠢᠭ ᠲᠤᠰᠠ ᠪᠠᠨ ᠬᠠᠮᠠᠭᠠᠯᠠᠬᠤ | ᠠᠰᠠᠭᠤᠳᠠᠯ ᠳᠡᠭᠡᠷᠡᠬᠢ ᠵᠣᠭᠰᠣᠯᠲᠠ ᠶᠢ ᠲᠡᠮᠵᠢᠵᠥ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ | ᠲᠦᠷᠦᠭᠦ ᠶᠢ ᠡᠰᠡᠷᠭᠦᠴᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ | ᠨᠥᠬᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠢᠳᠡᠪᠬᠢᠲᠡᠢ ᠪᠠᠷ ᠬᠠᠮᠲᠤ ᠪᠠᠷ | ᠪᠦᠳᠤᠬᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠺᠤᠩᠭᠣ᠋ ᠳᠤᠮᠳᠠᠳᠤ᠂ | ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠦ | ᠢᠯᠡᠳᠬᠡᠪᠡ᠃ |