ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠣᠯᠠᠨ ᠢᠶᠠᠷ ᠢᠶᠠᠨ ᠦᠢᠯᠡᠰ | ᠴᠣᠭᠴᠠᠯᠠᠵᠤ ᠲᠦᠮᠡᠨ ᠢᠶᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠨ ᠬᠥᠭᠵᠢᠯᠲᠡ ᠶᠢ ᠠᠬᠢᠭᠤᠯᠵᠤ ᠠᠵᠢᠯ ᠣᠯᠭᠤᠯᠲᠠ ᠶᠢ | ᠥᠷᠭᠡᠳᠬᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠤᠳ ᠢ ᠪᠠᠶᠢᠷᠢᠯᠠᠭᠤᠯᠪᠠ | ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠬᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠠᠷᠠᠯᠵᠢᠶᠠᠨ ᠤ ᠲᠠᠰ ᠳᠡᠪᠰᠢᠬᠦ ᠶᠢ ᠠᠬᠢᠭᠤᠯᠵᠤ ᠥᠷᠢᠰᠥᠯᠳᠦᠭᠡᠨ ᠤ | ᠰᠢᠨ᠎ᠡ ᠳᠠᠪᠠᠭᠤᠯᠢᠭ ᠢ ᠪᠣᠶᠢᠵᠢᠭᠤᠯᠤᠨ᠎ᠠ | | | | | | | | | | | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ | 22 ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠣᠯᠠᠨ ᠢᠶᠠᠷ ᠢᠶᠠᠨ ᠦᠢᠯᠡᠰ ᠴᠣᠭᠴᠠᠯᠠᠵᠤ | ᠲᠦᠮᠡᠨ ᠢᠶᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠨᠡᠩ ᠶᠡᠭᠡ ᠪᠠᠷ ᠬᠥᠭᠵᠢᠭᠡᠨ᠂ ᠬᠥᠭᠵᠢᠯᠲᠡ ᠶᠢ ᠠᠬᠢᠭᠤᠯᠬᠤ᠂ ᠠᠵᠢᠯ ᠣᠯᠭᠤᠯᠲᠠ ᠶᠢ ᠥᠷᠭᠡᠳᠬᠡᠬᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠤᠳ ᠢ ᠪᠠᠶᠢᠷᠢᠯᠠᠭᠤᠯᠪᠠ︔ ᠭᠠᠳᠠᠭᠠᠳᠤ ᠠᠷᠠᠯᠵᠢᠶᠠᠨ ᠤ | ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠥᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠭᠠᠳᠠᠭᠠᠳᠤ ᠠᠷᠠᠯᠵᠢᠶᠠᠨ ᠤ ᠲᠡᠰ ᠳᠡᠪᠰᠢᠬᠦ ᠶᠢ ᠠᠬᠢᠭᠤᠯᠤᠨ᠂ ᠥᠷᠢᠰᠥᠯᠳᠦᠭᠡᠨ ᠤ ᠰᠢᠨ᠎ᠡ ᠳᠠᠪᠠᠭᠤᠯᠢᠭ ᠢ | ᠪᠤᠶᠢᠵᠢᠭᠤᠯᠤᠨ᠎ᠠ᠃ | ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠤᠢᠢᠷ᠎ᠠ ᠶᠢᠨ ᠵᠢᠯ ᠤᠨ ᠲᠤᠷᠰᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠵᠦ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠂ ᠶᠡᠭᠡ ᠬᠡᠮᠵᠢᠶᠡᠨ ᠤ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠤᠢ ᠪᠣᠯᠭᠠᠵᠤ᠂ ᠠᠵᠢᠯ ᠣᠯᠭᠤᠯᠲᠠ ᠢᠯᠠᠩᠭᠤᠶ᠎ᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠳᠤ ᠬᠦᠴᠦᠲᠡᠢ ᠲᠤᠯᠭᠠᠭᠤᠷᠢᠯᠠᠵᠤ᠂ ᠰᠢᠨ᠎ᠡ ᠬᠦᠳᠡᠯᠭᠡᠭᠴᠢ ᠴᠢᠳᠠᠪᠤᠷᠢ ᠶᠢᠨ | ᠲᠦᠷᠭᠡᠨ ᠪᠤᠶᠢᠵᠢᠯᠲᠠ ᠶᠢ ᠠᠬᠢᠭᠤᠯᠤᠨ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠳᠬᠠᠵᠠᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠤ | ᠱᠠᠭᠠᠷᠳᠠᠯᠭ᠎ᠠ ᠶᠢ ᠨᠡᠩ ᠰᠠᠶᠢᠲᠤᠷ ᠲᠤᠭᠤᠰᠢᠯᠠᠭᠤᠯᠬᠤ ᠬᠡᠷᠡᠭᠲᠡᠶ᠃ ᠨᠢᠭᠡ ᠳᠤ᠂ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠬᠤ ᠬᠡᠷᠡᠭᠲᠡᠢ᠃ ᠬᠥᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠶᠢᠨ | ᠬᠠᠷᠢᠴᠠᠭ᠎ᠠ ᠶᠢ ᠭᠦᠨᠵᠡᠭᠡᠶ ᠲᠣᠬᠢᠷᠠᠭᠤᠯᠬᠤ᠂ ᠠᠵᠢᠯ ᠣᠯᠭᠤᠬᠤ ᠠᠷᠭ᠎ᠠ ᠮᠠᠶ᠋ᠢᠭ ᠢ ᠨᠡᠩ ᠤᠯᠠᠨ ᠡᠰᠢᠵᠢᠭᠦᠯᠬᠦ᠂ ᠵᠠᠬ᠎ᠠ | ᠳᠡᠯᠭᠡᠭᠦᠷ ᠤᠨ ᠠᠮᠢᠳᠤᠯᠢᠭ ᠴᠢᠨᠠᠷ ᠢ ᠨᠡᠮᠡᠭᠳᠡᠭᠦᠯᠬᠦ ᠵᠡᠷᠭᠡ ᠰᠢᠨ᠎ᠡ ᠪᠠᠶᠢᠳᠠᠯ ᠳᠤ ᠵᠣᠬᠢᠴᠠᠭᠤᠯᠤᠨ᠂ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠂ ᠦᠷᠭᠦᠯᠵᠢᠯᠡᠨ ᠲᠣᠭᠲᠠᠭᠤᠨ ᠢᠶᠠᠷ ᠡᠵᠡᠩᠨᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠤᠯᠠᠨ | ᠪᠤᠶᠢᠵᠢᠭᠤᠯᠵᠤ᠂ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠴᠢᠳ | ᠵᠡᠷᠭᠡ ᠭᠤᠣᠯᠳᠠᠯᠭ᠎ᠠ ᠲᠠᠢ ᠬᠦᠮᠦᠰ ᠤᠨ ᠤᠯᠠᠨ ᠠᠷᠭ᠎ᠠ ᠵᠠᠮ ᠢᠶᠠᠷ ᠦᠢᠯᠡᠰ ᠴᠣᠭᠴᠠᠯᠠᠨ ᠠᠵᠢᠯ ᠤᠯᠬᠤ ᠶᠢ | ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠨᠡᠩ ᠰᠢᠯᠢᠳᠡᠭ | ᠬᠥᠭᠵᠢᠯᠲᠡ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠦᠶ ᠵᠣᠬᠢᠰ ᠦᠭᠡᠶ ᠬᠠᠷᠰᠢ ᠰᠠᠭᠠᠳ ᠢ ᠠᠷᠢᠯᠭᠠᠨ᠂ ᠲᠣᠮᠣ ᠳᠤᠮᠳᠠ | ᠵᠢᠵᠢᠭ ᠠᠵᠤ ᠠᠬᠤᠶᠢᠯᠠᠯ ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠳᠠᠬᠢ ᠭᠤᠤᠯᠯᠠᠬᠤ ᠪᠠᠶᠢᠷᠢ ᠶᠢ ᠡᠵᠡᠯᠡᠵᠦ ᠪᠠᠶᠢᠭ᠎ᠠ ︽ᠬᠡᠯᠬᠢᠶᠡᠵᠢᠯ ᠤᠨ ᠡᠵᠡᠨ︾ ᠪᠣᠯᠬᠤ ᠠᠵᠤ | ᠠᠬᠤᠶᠢᠯᠠᠯ ᠤᠨ ᠬᠥᠲᠥᠯᠦᠨ ᠳᠠᠭᠠᠭᠤᠯᠵᠦ ᠲᠤᠯᠭᠠᠭᠤᠷᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠂ | ᠵᠠᠬ᠎ᠠ ᠳᠡᠯᠭᠡᠭᠦᠷ᠂ ᠰᠢᠨ᠎ᠡ ᠶᠢ ᠡᠭᠦᠳᠬᠦ᠂ ᠪᠠᠯᠠ ᠮᠥᠩᠭᠦ ᠵᠡᠷᠭᠡ ᠬᠦᠴᠦᠨ ᠵᠦᠢᠯ ᠤᠨ ᠡᠬᠢ ᠪᠠᠶᠠᠯᠢᠭ ᠢ ᠨᠡᠭᠡᠭᠡᠵᠦ᠂ | ᠰᠤᠳᠤᠯᠤᠨ ᠬᠥᠭᠵᠢᠭᠦᠯᠬᠦ᠂ ᠨᠡᠪᠴᠢᠭᠦᠯᠬᠦ᠂ ᠪᠠᠯᠠ ᠣᠷᠣᠭᠤᠯᠬᠤ ᠶᠢ ᠨᠢᠭᠡ ᠴᠤᠭᠴᠠᠵᠢᠭᠤᠯᠤᠭᠰᠠᠨ ᠦᠢᠯᠡᠰ | ᠴᠣᠭᠴᠠᠯᠠᠵᠤ ᠰᠢᠨ᠎ᠡ ᠶᠢ ᠡᠭᠦᠳᠦᠨ ᠪᠤᠶᠢᠵᠢᠭᠤᠯᠬᠤ ᠲᠥᠪ ᠢ ᠪᠥᠲᠥᠭᠡᠨ ᠪᠠᠶᠢᠭᠤᠯᠵᠤ᠂ ᠨᠠᠩ ᠣᠯᠠᠨ ︽ᠲᠤᠰᠬᠠᠶ | ᠰᠣᠳᠣᠨ ᠥᠪᠡᠷᠮᠢᠴᠡ ᠰᠢᠨ᠎ᠡ︾᠂ ︽ᠵᠢᠭᠠᠬᠠᠨ ᠠᠪᠤᠷᠭᠤ︾᠂ ᠦᠢᠯᠡᠳᠬᠡᠯ ᠤᠨ ᠦᠢᠯᠡᠰ ᠤᠨ ᠭᠠᠭᠴᠠ ᠵᠦᠢᠯ ᠤᠨ | ᠮᠠᠩᠯᠠᠶ ᠵᠡᠷᠭᠡ ᠳᠤᠮᠳᠠ ᠵᠢᠵᠢᠭ ᠠᠵᠤ ᠠᠬᠤᠶᠢᠯᠠᠯ ᠤᠨ ᠦᠰᠦᠨ ᠪᠤᠵᠠᠭᠠᠶᠢᠷᠠᠬᠤ ᠶᠢ ᠠᠬᠢᠭᠤᠯᠤᠨ᠎ᠠ᠃ ᠲᠥᠪ | ᠭᠤᠣᠯᠴᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠨ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ᠃ ᠭᠤᠷᠪᠠ ᠳᠤ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠷᠥ ᠶᠢᠨ | ᠪᠣᠳᠣᠯᠭ᠎ᠠ ᠶᠢᠨ ᠤᠷᠮᠠᠰᠢᠭᠤᠯᠤᠯ ᠢ ᠴᠢᠩᠭᠠᠳᠬᠠᠬᠤ ᠬᠡᠷᠡᠭᠲᠡᠢ᠃ ᠭᠠᠶᠢᠯᠢ ᠲᠠᠲᠠᠪᠤᠷᠢ ᠶᠢ ᠬᠥᠩᠭᠡᠯᠡᠵᠦ ᠬᠡᠯᠲᠦᠷᠢᠭᠦᠯᠬᠦ᠂ | ᠰᠤᠳᠤᠯᠤᠨ ᠬᠥᠭᠵᠢᠭᠦᠯᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠬᠠᠰᠤᠬᠤ᠂ ᠦᠷᠳᠡᠭ ᠨᠡᠮᠡᠭᠳᠡᠯ ᠤᠨ | ᠭᠠᠶᠢᠯᠢ ᠶᠢᠨ ᠨᠡᠮᠡᠭᠳᠡᠯ ᠤᠨ ᠬᠡᠮᠵᠢᠶ᠎ᠡ ᠶᠢ ᠦᠯᠡᠳᠡᠭᠡᠵᠦ ᠭᠠᠶᠢᠯᠢ ᠶᠢ ᠲᠤᠯᠭᠠᠨ ᠪᠤᠴᠠᠭᠠᠬᠤ ᠵᠡᠷᠭᠡ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠᠯᠠ | ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠡᠷᠴᠢᠮ ᠢ | ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠦᠢᠯᠡᠰ ᠴᠣᠭᠴᠠᠯᠠᠬᠤ | ᠪᠠᠯᠠ ᠣᠷᠣᠭᠤᠯᠤᠯᠲᠠ ᠶᠢ ᠬᠥᠲᠥᠯᠦᠨ ᠵᠢᠯᠣᠭᠤᠳᠬᠤ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ | ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠳᠥᠷᠢᠮ ᠤᠨ ᠲᠤᠷᠰᠢᠯᠲᠠ ᠳᠤ ᠣᠷᠤᠯᠴᠠᠬᠤ ᠶᠢ ᠠᠬᠢᠭᠤᠯᠤᠨ᠎ᠠ᠃ ᠭᠠᠳᠠᠭᠠᠳᠤ ᠶᠢᠨ ᠨᠡᠩ ᠤᠯᠠᠨ | ᠴᠢᠳᠠᠪᠤᠷᠢᠲᠠᠨ ᠤ ᠳᠤᠮᠳᠠᠳᠤ ᠤᠯᠤᠰ ᠲᠤ ᠢᠷᠡᠵᠤ ᠦᠢᠯᠡᠰ ᠴᠣᠭᠴᠠᠯᠠᠬᠤ ᠶᠢ ᠲᠠᠲᠠᠵᠤ᠂ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠨᠥᠬᠦᠴᠡᠯ ᠲᠠᠢ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠡᠯᠡᠬᠡᠶᠢᠴᠢᠯᠡᠭᠰᠡᠨ ᠬᠥᠭᠵᠢᠯᠲᠡ ᠶᠢ | ᠳᠡᠮᠵᠢᠬᠦ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠪᠣᠯ ᠮᠠᠨ ᠤ | ᠤᠯᠤᠰ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠭᠤᠣᠯ ᠬᠦᠴᠦᠨ ᠮᠥᠨ᠂ ᠪᠠᠰᠠ ᠴᠦ ᠤᠯᠠᠨ ᠤᠯᠤᠰ ᠤᠨ | ᠠᠷᠠᠯᠵᠢᠶᠠᠨ ᠤ ᠬᠥᠭᠵᠢᠯᠲᠡ ᠶᠢᠨ ᠴᠢᠬᠤᠯᠠ ᠬᠠᠨᠳᠤᠰᠢ ᠮᠥᠨ᠃ ᠣᠶᠢᠷ᠎ᠠ ᠶᠢᠨ ᠵᠢᠯ ᠤᠨ ᠲᠤᠷᠰᠢ ᠮᠠᠨ ᠤ ᠤᠯᠤᠰ ᠤᠨ | ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠲᠦᠷᠭᠡᠨ ᠢᠶᠠᠷ ᠬᠥᠭᠵᠢᠵᠦ᠂ | ᠡᠭᠦᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠪᠴᠢᠶ᠎ᠡ 5 ᠵᠢᠯ ᠳᠤ 10 ᠳᠠᠬᠢᠨ ᠰᠢᠬᠠᠮ | ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ | ᠢᠯᠠᠩᠭᠤᠶ᠎ᠠ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠳᠣᠤᠷ᠎ᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ | ᠵᠡᠷᠭᠡ ᠳᠤ ᠴᠢᠬᠤᠯᠠ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠬᠡᠷᠡᠭᠲᠡᠢ᠃ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ | ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠵᠢᠵᠢᠭᠯᠡᠨ ᠬᠤᠳᠠᠯᠳᠤᠬᠤ ᠨᠠᠷᠢᠨ ᠬᠠᠭᠤᠳᠠᠰᠤ ᠶᠢ | ᠰᠢᠯᠢᠳᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠤᠭᠤᠯᠵᠤ | ᠭᠠᠷᠭᠠᠭᠰᠠᠨ ᠪᠠᠷᠠᠭ᠎ᠠ ᠶᠢ ᠪᠤᠴᠠᠭᠠᠵᠦ ᠰᠣᠯᠢᠬᠤ ᠬᠠᠮᠢᠶᠠᠷᠤᠯᠲᠠ ᠳᠤ ᠳᠥᠭᠦᠮ ᠦᠵᠡᠭᠦᠯᠦᠨ᠎ᠡ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠦᠭᠯᠡᠭᠦᠷ ᠢ ᠲᠣᠭᠲᠠᠭᠠᠵᠤ᠂ | ᠬᠠᠭᠤᠷᠮᠠᠭ ᠮᠠᠭᠤ ᠲᠠᠸᠠᠷ ᠢ ᠰᠡᠷᠭᠡᠶᠢᠯᠡᠨ᠎ᠡ᠃ ᠬᠤᠶᠠᠷ ᠲᠤ᠂ ᠭᠠᠳᠠᠭᠠᠳᠤ ᠳᠠᠬᠢ ᠬᠥᠮᠥᠷᠭᠡ ᠶᠢᠨ ᠬᠥᠭᠵᠢᠯᠲᠡ ᠶᠢ | ᠢᠳᠡᠪᠬᠢᠲᠡᠶ ᠪᠠᠷ ᠠᠬᠢᠭᠤᠯᠬᠤ ᠬᠡᠷᠡᠭᠲᠡᠶ᠃ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠵᠡᠷᠭᠡ ᠶᠢᠨ | ᠭᠠᠳᠠᠭᠠᠳᠤ ᠳᠠᠬᠢ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ | ᠭᠠᠳᠠᠭᠠᠳᠤ ᠳᠠᠬᠢ ᠬᠥᠮᠥᠷᠭᠡ ᠶᠢᠨ ᠲᠣᠭᠠᠵᠢᠭᠤᠯᠤᠯᠲᠠ᠂ ᠤᠶᠤᠨᠴᠢᠯᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ | ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠣᠩᠭᠤᠴᠠ ᠵᠢᠭᠡᠯᠡᠨ ᠲᠡᠯᠡᠶ ᠳᠤ ᠭᠠᠷᠬᠤ ᠶᠢ ᠠᠬᠢᠭᠤᠯᠵᠤ᠂ | ᠤᠯᠤᠰ ᠤᠨ ᠳᠣᠲᠣᠭᠠᠳᠤ ᠶᠢᠨ ᠲᠥᠷᠥᠯ ᠲᠡᠮᠳᠡᠭᠲᠦ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠢᠯᠡᠳᠬᠦᠨ ᠤ | ᠣᠯᠠᠨ ᠤᠯᠤᠰ ᠤᠨ ᠵᠠᠬ᠎ᠠ ᠳᠡᠯᠭᠡᠭᠦᠷ ᠤᠨ ᠣᠷᠣᠨ ᠵᠠᠶ ᠶᠢ ᠥᠷᠭᠡᠳᠬᠡᠬᠦ ᠶᠢ ᠳᠠᠶᠢᠴᠢᠯᠠᠨ᠎ᠠ᠃ ᠭᠤᠷᠪᠠ ᠳᠤ᠂ ᠵᠠᠬ᠎ᠠ | ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶᠠᠨ ᠤ ᠠᠷᠭ᠎ᠠ ᠬᠡᠯᠪᠡᠷᠢ ᠶᠢ ᠢᠳᠡᠪᠬᠢᠲᠡᠢ ᠬᠥᠭᠵᠢᠭᠦᠯᠵᠦ᠂ ᠭᠠᠳᠠᠭᠠᠳᠤ | ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ ᠶᠢ ᠪᠤᠴᠠᠭᠠᠬᠤ ᠠᠵᠢᠯ ᠢ | ᠲᠥᠪᠯᠡᠷᠡᠭᠦᠯᠵᠦ ᠣᠷᠣᠯᠠᠨ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠴᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠶᠢᠯᠢ ᠶᠢ ᠪᠠᠲᠤᠯᠠᠬᠤ | ᠵᠠᠰᠠᠯᠲᠠ ᠥᠷᠨᠢᠭᠦᠯᠬᠦ ᠶᠢ ᠳᠡᠮᠵᠢᠵᠦ᠂ ᠨᠥᠬᠦᠴᠡᠯ ᠲᠠᠢ ᠭᠠᠵᠠᠷ ᠣᠷᠣᠨ ᠤ ᠬᠢᠯᠢ ᠶᠢᠨ ᠭᠠᠳᠠᠨᠠᠬᠢ ᠠᠷᠠᠯᠵᠢᠶ᠎ᠠ ᠶᠢ | ᠬᠥᠭᠵᠢᠭᠦᠯᠬᠦ ᠶᠢ ᠳᠡᠮᠵᠢᠬᠦ ᠬᠡᠷᠡᠭᠲᠡᠢ᠃ ᠲᠦᠷᠪᠡ ᠳᠤ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ | ᠵᠠᠭᠪᠤᠷ ᠤᠨ ᠤᠯᠠᠨ ᠤᠯᠤᠰ ᠤᠨ ᠲᠦᠷᠢᠮ ᠪᠠ ᠪᠠᠷᠢᠮᠵᠢᠶ᠎ᠠ ᠶᠢ ᠲᠣᠭᠲᠠᠭᠠᠬᠤ ᠳᠤ ᠢᠳᠡᠪᠬᠢᠲᠡᠶ ᠣᠷᠣᠯᠴᠠᠨ᠎ᠠ᠃ | ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠤᠯᠤᠰ ᠠᠯᠤᠰᠯᠠᠭᠰᠠᠨ ᠪᠠᠷᠠᠭᠠᠨ ᠤ ᠭᠦᠢᠯᠭᠡᠭᠡ ᠵᠡᠷᠭᠡ | ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |