| | | | | | | | | 6 ᠳ᠋ᠤᠭᠠᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠭᠤᠣ ᠺᠧ ᠪᠦᠯᠦᠭᠯᠡᠯ᠂ ᠳ᠋ᠠ ᠬᠤᠸᠠ | ᠤᠯᠠᠨ ᠤᠯᠤᠰ ᠤᠨ ᠵᠥᠪᠯᠡᠯᠭᠡ ᠥᠭᠬᠦ ᠺᠣᠮᠫᠠᠨᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠢᠩ ᠱᠦᠢ ᠾᠧ | ᠰᠢᠶᠠᠨ ᠳᠤ ᠬᠦᠷᠴᠦ ᠤᠶᠤᠨᠲᠤ ᠲᠠᠷᠢᠶᠠᠯᠠᠩ ᠤᠨ ᠰᠤᠷᠭᠠᠨ ᠬᠥᠮᠦᠵᠢᠯ ᠤᠨ ᠪᠣᠳᠠᠲᠠᠶ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ᠃ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠧᠨ ᠬᠤᠷᠴᠠ᠂ ᠤᠯᠤᠰ | ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠳ᠋ᠦ᠋ ᠬᠦᠢ ᠵᠦᠩ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠠᠢ ᠬᠠᠢ ᠯᠢᠨ ᠵᠢᠴᠢ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠪᠣᠯᠤᠨ ᠮᠧᠩ ᠴᠢᠩ ᠺᠣᠮᠫᠠᠨᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠭᠰᠠᠨ | ᠪᠥᠭᠡᠳ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠢ ᠬᠠᠮᠲᠤ ᠴᠢᠩ ᠱᠦᠢ ᠡᡁᠧ ᠰᠢᠶᠠᠨ ᠤ ᠪᠣᠬᠢᠷᠲᠤᠯ ᠦᠭᠡᠢ | ᠬᠤᠯᠢᠮᠠᠭ ᠠᠮᠤ ᠶᠢ ᠨᠠᠷᠢᠯᠢᠭ ᠪᠣᠯᠪᠠᠰᠤᠷᠠᠭᠤᠯᠬᠤ ᠵᠢᠴᠢ ᠤᠶᠤᠨᠲᠤ ᠲᠠᠷᠢᠶᠠᠯᠠᠩ ᠤᠨ ᠰᠤᠷᠭᠠᠨ ᠬᠥᠮᠦᠵᠢᠯ ᠤᠨ ᠪᠣᠳᠠᠲᠠᠶ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠵᠠᠩ ᠺᠧ ᠯᠢᠩ ᠡᠩ ᠲᠡᠷᠢᠭᠦᠨ ᠳᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠴᠢᠩ ᠱᠦᠢ ᠡᡁᠧ | ᠰᠢᠶᠠᠨ ᠳᠤ ᠬᠦᠷᠴᠦ ᠤᠶᠤᠨᠲᠤ ᠲᠠᠷᠢᠶᠠᠯᠠᠩ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ | ᠪᠦᠳᠦᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ | ᠪᠠᠶᠢᠬᠤ ᠪᠠᠨ ᠢᠯᠡᠳᠬᠡᠪᠡ᠃ ᠵᠠᠩ ᠺᠧ ᠯᠢᠩ ᠵᠢᠭᠠᠵᠤ ᠭᠠᠷᠭᠠᠭᠰᠠᠨ ᠨᠢ᠂ ᠮᠧᠩ ᠴᠢᠩ ᠺᠣᠮᠫᠠᠨᠢ ᠪᠣᠯ ᠴᠢᠩ ᠱᠦᠢ | ᠾᠧ ᠰᠢᠶᠠᠨ ᠤ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ | ᠪᠣᠯᠤᠨ᠎ᠠ᠂ ᠳᠤᠮᠳᠠᠳᠤ ᠤᠯᠤᠰ ᠤᠨ ᠭᠤᠣ ᠺᠧ ᠪᠦᠯᠦᠭᠯᠡᠯ᠂ ᠳ᠋ᠠ ᠬᠤᠸᠠ ᠤᠯᠠᠨ ᠤᠯᠤᠰ ᠤᠨ ᠺᠣᠮᠫᠠᠨᠢ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠤᠷᠳᠤ ᠬᠤᠭᠤᠴᠠᠭᠠᠨ ᠤ ᠬᠠᠮᠲᠤᠷᠠᠯᠴᠠᠭᠠᠨ ᠤ | ᠬᠠᠷᠢᠯᠴᠠᠭ᠎ᠠ ᠪᠠᠶᠢᠭᠤᠯᠵᠤ᠂ ᠤᠶᠤᠨᠲᠤ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠢ ᠲᠠᠰᠤᠷᠠᠯᠳᠡ ᠦᠭᠡᠢ | ᠰᠤᠷᠤᠯᠴᠠᠵᠤ᠂ ᠤᠶᠤᠨᠲᠤ ᠲᠠᠷᠢᠶᠠᠯᠠᠩ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ | ᠤᠶᠤᠨᠵᠢᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠴᠢᠩ ᠱᠦᠢ | ᠡᡁᠧ ᠰᠢᠶᠠᠨ ᠤ ᠤᠶᠤᠨᠲᠤ ᠲᠠᠷᠢᠶᠠᠯᠠᠩ ᠤᠨ ᠪᠦᠳᠦᠬᠡᠨ ᠪᠠᠶᠢᠭᠤᠯᠤᠯᠲᠠ ᠶᠢ ᠨᠠᠷᠢᠯᠢᠬᠵᠢᠭᠤᠯᠬᠤ᠂ ᠥᠨᠳᠥᠷ ᠦᠷ᠎ᠡ | ᠠᠰᠢᠭᠵᠢᠭᠤᠯᠬᠤ᠂ ᠬᠡᠪᠴᠢᠶᠡᠵᠢᠭᠦᠯᠬᠦ᠂ ᠪᠣᠬᠢᠷᠲᠤᠯ ᠦᠬᠡᠢ ᠪᠣᠯᠭᠠᠬᠤ᠂ ᠲᠠᠷᠢᠶᠠᠯᠠᠩ ᠤᠨ ᠦᠷᠢᠰᠦᠯᠳᠦᠬᠦ ᠬᠦᠴᠦᠨ | ᠪᠣᠯᠤᠨ ᠦᠷᠭᠦᠯᠵᠢᠯᠡᠬᠦ ᠬᠥᠭᠵᠢᠯᠲᠡ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ ᠴᠢᠩ ᠱᠦᠢ ᠡᡁᠧ | ᠰᠢᠶᠠᠨ ᠢ ᠪᠣᠬᠢᠷᠲᠤᠯ ᠦᠬᠡᠢ ᠬᠤᠯᠢᠮᠠᠭ ᠠᠮᠤ ᠶᠢᠨ ᠠᠷᠠᠯᠵᠢᠶᠠᠨ ᠤ ᠲᠥᠪ ᠪᠣᠯᠭᠠᠬᠤ ᠬᠡᠷᠡᠭᠲᠡᠢ ᠭᠡᠵᠡᠢ᠃ ᠡᠭᠦᠨ ᠤ | ᠵᠡᠷᠭᠡᠪᠡᠷ᠂ ᠵᠠᠩ ᠺᠧ ᠯᠢᠩ ᠪᠠᠰᠠ ᠳᠤᠮᠳᠠᠳᠤ ᠤᠯᠤᠰ ᠤᠨ ᠭᠤᠣ ᠺᠧ ᠪᠦᠯᠦᠭᠯᠡᠯ ᠵᠡᠷᠭᠡ ᠠᠵᠤ ᠠᠬᠤᠶᠢᠯᠠᠯ ᠲᠠᠢ | ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ | ᠬᠦᠷᠳᠡᠬᠦ ᠶᠢ ᠪᠦᠬᠦ ᠲᠠᠯ᠎ᠠ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠬᠤᠷᠠᠯ ᠳᠡᠭᠡᠷ᠎ᠡ᠂ ᠪᠠᠢ ᠬᠠᠢ ᠯᠢᠨ ᠮᠠᠨ ᠤ ᠰᠢᠶᠠᠨ ᠤ ᠤᠶᠤᠨᠲᠤ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠰᠢᠨᠵᠢᠯᠡᠨ ᠪᠠᠶᠢᠴᠠᠭᠠᠬᠤ | ᠪᠦᠯᠬᠦᠮ ᠤᠨ ᠪᠦᠷᠢᠯᠳᠦᠬᠦᠨ ᠨᠡᠷ ᠤᠶᠤᠨᠲᠤ ᠲᠠᠷᠢᠶᠠᠯᠠᠩ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦ ᠨᠡᠮᠡᠷᠢᠯᠡᠬᠦ ᠠᠯᠤᠰ ᠢᠷᠡᠭᠡᠳᠦᠢ᠂ ᠤᠶᠤᠨᠲᠤ ᠲᠠᠷᠢᠶᠠᠯᠠᠩ ᠤᠨ ᠬᠥᠭᠵᠢᠯᠲᠡ ᠳᠤ | ᠲᠤᠯᠭᠠᠷᠠᠭᠰᠠᠨ ᠬᠦᠴᠢᠷᠳᠡᠯ᠂ ᠤᠶᠤᠨᠲᠤ ᠲᠠᠷᠢᠶᠠᠯᠠᠩ ᠢᠶᠠᠷ ᠲᠠᠷᠢᠶᠠᠴᠢᠳ ᠤᠨ ᠢᠳᠡᠪᠬᠢᠵᠢᠯ ᠢ ᠬᠡᠷᠬᠢᠨ ᠳᠠᠶᠢᠴᠢᠯᠠᠬᠤ | ᠵᠡᠷᠭᠡ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠳ᠋ᠠ | ᠬᠤᠸᠠ ᠤᠯᠠᠨ ᠤᠯᠤᠰ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠶᠠᠩ ᠴᠦᠨ ᠴᠢᠩ ᠱᠦᠢ ᠡᡁᠧ | ᠤᠳᠤ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ | ᠰᠠᠭᠤᠷᠢᠯᠠᠵᠤ᠂ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠣᠷᠣᠨ ᠨᠤᠲᠤᠭ ᠤᠨ ᠠᠵᠤ | ᠠᠬᠤᠶᠢᠯᠠᠯ ᠤᠨ ᠤᠯᠠᠮᠵᠢᠯᠠᠯᠲᠤ ᠡᠵᠡᠩᠨᠡᠯᠲᠡ ᠶᠢᠨ ᠣᠨᠣᠯᠵᠢᠬᠤᠨ ᠢ ᠬᠤᠪᠢᠷᠠᠭᠤᠯᠵᠤ᠂ ᠣᠷᠣᠨ ᠨᠤᠲᠤᠭ ᠤᠨ | ᠲᠠᠭᠠᠭᠤᠯᠤᠭᠴᠢ ᠠᠵᠤ ᠠᠬᠤᠶᠢᠯᠠᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠭᠦᠨ ᠤ | ᠤᠯᠠᠮ ᠠᠴᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠬᠡᠷᠡᠭ ᠶᠠᠪᠤᠳᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ ᠭᠡᠵᠦ ᠬᠦᠰᠡᠪᠡ᠃ | |