ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠠᠷᠠᠳ ᠤᠨ ᠲᠥᠯᠥᠭᠡ | ᠪᠣᠳᠠᠲᠠᠶ ᠠᠵᠢᠯ ᠬᠢᠬᠦ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ | 26 ᠤ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ | ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠨᠠᠮ ᠤᠨ ᠡᠭᠦᠷ ᠪᠣᠯᠤᠨ ᠵᠥᠩ ᠽᠦᠶ ᠯᠢᠶᠠᠩ ᠲᠣᠰᠬᠤᠨ ᠤ ᠨᠠᠮ ᠤᠨ | ᠡᠭᠦᠷ ᠬᠠᠮᠲᠤᠷᠠᠨ ︽ᠨᠠᠮ ᠤᠨ ᠲᠡᠤᠬᠡ ᠶᠢ ᠰᠤᠷᠤᠯᠴᠠᠵᠤ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ︾ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠣᠶ ᠶᠢ ᠤᠭᠲᠤᠪᠠ᠃ | ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠪᠥᠷ ᠮᠣᠩᠭᠤᠯ ᠤᠨ | ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠠᠴᠠ ᠲᠣᠰ | ᠡᠮᠨᠡᠯᠭᠡ ᠶᠢᠨ ᠬᠤᠷᠢᠶᠠᠨ ᠤ ᠭᠤᠤᠯ ᠨᠢᠷᠤᠭᠤᠨ ᠤ ᠰᠠᠯᠠᠭ᠎ᠠ᠂ ᠦᠶ᠎ᠡ ᠭᠡᠰᠢᠭᠦᠤ ᠶᠢᠨ ᠰᠠᠯᠠᠭ᠎ᠠ ᠵᠡᠷᠭᠡ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠵᠦᠩ ᠽᠦᠶ ᠯᠢᠶᠠᠩ ᠲᠣᠰᠬᠤᠨ ᠤ ᠠᠷᠠᠳ ᠲᠤ ᠦᠨ᠎ᠡ ᠥᠬᠡᠶ ᠠᠯᠪᠠᠨ | ᠵᠢᠷᠤᠮ ᠤᠨ ᠡᠮᠴᠢᠯᠡᠭᠡ ᠥᠷᠨᠢᠭᠦᠯᠪᠡ᠃ ᠡᠮᠴᠢᠯᠡᠭᠡᠨ ᠤ ᠲᠤᠬᠠᠶ ᠶᠢᠨ ᠲᠠᠯᠠᠪᠤᠷ ᠲᠤ᠂ ᠴᠢᠮᠡᠭᠡ ᠶᠢ ᠰᠣᠨᠣᠰᠤᠭᠠᠳ | ᠠᠰᠠᠭᠤᠨ ᠯᠠᠪᠯᠠᠬᠤ ᠪᠠᠷ ᠢᠷᠡᠭᠰᠡᠨ ᠲᠣᠰᠬᠤᠨ ᠤ ᠠᠷᠠᠳ ᠲᠠᠰᠤᠷᠠᠯᠲᠠ ᠦᠭᠡᠢ ᠣᠯᠠᠰᠢᠷᠠᠵᠤ᠂ ᠡᠮᠨᠡᠯᠭᠡ ᠶᠢᠨ | ᠠᠵᠢᠯᠲᠠᠳ ᠲᠤᠬᠠᠶ ᠶᠢᠨ ᠲᠠᠯᠠᠪᠤᠷ ᠲᠤ ᠡᠮᠨᠡᠭᠦᠯᠬᠦ ᠪᠠᠷ ᠢᠷᠡᠭᠰᠡᠨ ᠲᠣᠰᠬᠤᠨ ᠤ ᠠᠷᠠᠳ ᠲᠤ ᠴᠢᠰᠤᠨ ᠰᠢᠬᠢᠷ᠂ | ᠴᠢᠰᠤᠨ ᠳᠠᠷᠤᠯᠲᠠ ᠶᠢ ᠬᠡᠮᠵᠢᠵᠦ᠂ ᠲᠣᠰᠬᠤᠨ ᠤ ᠠᠷᠠᠳ ᠤᠨ ᠭᠤᠣᠯ ᠨᠢᠷᠤᠭᠤ᠂ ᠦᠶ᠎ᠡ ᠭᠡᠰᠢᠭᠦᠦ ᠶᠢᠨ | ᠲᠠᠯ᠎ᠠ ᠪᠠᠷ ᠬᠢ ᠤᠷᠢᠳᠴᠢᠯᠠᠨ ᠰᠡᠷᠭᠡᠶᠢᠯᠡᠵᠦ ᠣᠨᠣᠰᠢᠯᠠᠨ ᠵᠠᠰᠠᠬᠤ ᠪᠠ ᠬᠦᠴᠢᠷ ᠲᠦᠪᠡᠭᠲᠡᠶ ᠠᠰᠠᠭᠤᠳᠠᠯ ᠢ ᠨᠠᠷᠢᠨ | ᠬᠢᠨᠠᠮᠠᠭᠠᠶ ᠲᠠᠶᠢᠯᠪᠤᠷᠢᠯᠠᠬᠤ ᠶᠢᠨ ᠬᠠᠮᠲᠤ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠳᠦᠰᠦᠯᠡᠨ ᠵᠦᠢ ᠵᠣᠬᠢᠰᠲᠠᠶ | ᠡᠮᠨᠡᠨ ᠵᠠᠰᠠᠬᠤ ᠲᠥᠰᠦᠯ ᠪᠠ ᠰᠠᠨᠠᠭᠤᠯᠭ᠎ᠠ ᠶᠢ ᠳᠤᠷᠠᠳᠤᠨ ᠭᠠᠷᠭᠠᠵᠠᠶ᠃ ᠡᠭᠦᠨ ᠠᠴᠠ ᠭᠠᠳᠠᠨ᠎ᠠ᠂ ᠡᠮᠨᠡᠯᠭᠡ ᠶᠢᠨ | ᠠᠵᠢᠯᠲᠠᠳ ᠪᠠᠰᠠ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ | ᠬᠠᠯᠠᠭᠤᠨ ᠢ ᠪᠠᠭᠤᠷᠠᠭᠤᠯᠬᠤ ᠡᠮ᠂ ᠲᠠᠭᠰᠢᠭᠤᠷ ᠤᠨ ᠡᠮ ᠵᠡᠷᠭᠡ ᠶᠢ ᠲᠦᠭᠡᠭᠡᠪᠡ᠃ | ᠲᠣᠰ ᠤᠳᠠᠭᠠᠨ ᠤ ᠭᠤᠤᠯ ᠰᠡᠳᠦᠪᠲᠦ ᠬᠠᠮᠲᠤᠷᠠᠭᠰᠠᠨ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ | ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠣᠯᠠᠨ ᠲᠦᠮᠡᠨ ᠳᠤ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠳᠤᠮᠳᠠ ᠦᠨᠡᠨ ᠪᠣᠳᠠᠲᠠᠶ ᠪᠠᠷ ᠬᠤᠪᠢᠷᠠᠯᠲᠠ ᠶᠢ ᠣᠯᠵᠤ ᠬᠠᠷᠠᠨ᠂ ᠪᠣᠳᠠᠲᠤ ᠠᠰᠢᠭ | ᠬᠦᠷᠲᠡᠭᠡᠭᠰᠡᠨ ᠪᠠᠶᠢᠨ᠎ᠠ᠃ | |