ᠬᠤᠲᠠ ᠶᠢᠨ ᠤᠳᠤᠷᠢᠳᠤᠯᠭ᠎ᠠ ᠴᠢᠩ ᠱᠦᠶ ᠾᠧ ᠰᠢᠶᠠᠨ ᠳᠤ ᠭᠦᠨᠵᠡᠭᠡᠶᠢᠷᠡᠨ ᠬᠡᠰᠡᠭ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/7/1
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ᠂ ᠤᠢᠢᠷ᠎ᠠ ᠶᠢᠨ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠠᠨ ᠹᠧᠩ ᠴᠢᠩ ᠱᠦᠢ ᠡᡁᠧ ᠰᠢᠶᠠᠨ ᠳᠤ ᠭᠦᠨᠵᠡᠭᠡᠶᠢᠷᠡᠨ ᠬᠡᠰᠡᠭ ᠠᠬᠠᠮᠠᠳ ᠨᠠᠮ ᠤᠨ ᠭᠡᠰᠢᠭᠦᠳ ᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃      ᠡᠨᠡ ᠵᠢᠯ 88 ᠨᠠᠰᠤᠲᠠᠢ ᠭᠤᠤ ᠬᠤᠸᠠ ᠨᠠᠰᠤᠲᠠᠨ ᠪᠣᠯ 61 ᠵᠢᠯ ᠤᠨ ᠨᠠᠮ ᠤᠨ ᠨᠠᠰᠤ ᠲᠠᠢ ᠠᠬᠠᠮᠠᠳ ᠨᠠᠮ ᠤᠨ ᠭᠡᠰᠢᠭᠦᠨ ᠪᠣᠯᠤᠨ᠎ᠠ᠃ ᠯᠠᠨ ᠹᠧᠩ ᠠᠬᠠᠮᠠᠳ ᠨᠠᠮ ᠤᠨ ᠭᠡᠰᠢᠭᠦᠨ ᠤ ᠭᠡᠷ ᠲᠤ ᠨᠢ ᠬᠦᠷᠴᠦ᠂ ᠨᠠᠰᠤᠲᠠᠨ ᠤ ᠴᠤᠭ ᠵᠢᠪᠬᠤᠭ᠎ᠠ ᠲᠠᠢ ᠪᠠᠶᠢᠬᠤ ᠶᠢ ᠣᠯᠵᠤ ᠬᠠᠷᠠᠭᠠᠳ᠂ ᠨᠠᠰᠤᠲᠠᠨ ᠢ ᠪᠡᠶ᠎ᠡ ᠪᠠᠨ ᠬᠢᠴᠢᠶᠡᠵᠦ᠂ ᠨᠠᠰᠤᠲᠠᠨ ᠤ ᠡᠷᠡᠭᠦᠯ ᠲᠡᠩᠬᠡᠯᠡᠭᠦᠨ ᠤᠷᠳᠤ ᠨᠠᠰᠤᠯᠠᠬᠤ ᠶᠢ ᠵᠥᠩᠨᠡᠬᠦ ᠶᠢᠨ ᠬᠠᠮᠲᠤ ᠭᠤᠤ ᠨᠠᠰᠤᠲᠠᠨ ᠳᠤ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ  ︾ ᠤᠨ ᠳᠤᠷᠠᠰᠬᠠᠯ ᠤᠨ ᠲᠡᠮᠳᠡᠭ ᠭᠠᠷᠳᠠᠭᠤᠯᠵᠠᠢ᠃ ᠭᠤᠤ ᠨᠠᠰᠤᠲᠠᠨ ᠯᠠᠨ ᠹᠧᠩ ᠤᠨ ᠲᠤᠰᠬᠠᠶᠢᠯᠠᠨ ᠢᠷᠡᠵᠤ ᠪᠣᠯᠭᠤᠭᠠᠨ ᠲᠣᠬᠤᠨᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠨᠠᠮ ᠤᠨ ᠲᠥᠪ ᠬᠤᠷᠢᠶ᠎ᠠ ᠠᠴᠠ ᠨᠠᠮ ᠳᠤ 50 ᠵᠢᠯ ᠰᠠᠭᠤᠭᠰᠠᠨ ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠳᠡᠮᠳᠡᠭ ᠣᠯᠭᠤᠬᠤ ᠪᠠᠷ ᠲᠣᠭᠲᠠᠭᠰᠠᠨ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠭᠡᠵᠦ ᠬᠡᠯᠡᠪᠡ᠃     ᠹᠧᠢ ᠰᠢᠶᠠᠩ ᠬᠤᠷᠢᠶᠠᠯᠠᠯ ᠳᠤ ᠰᠠᠭᠤᠵᠤ ᠪᠠᠶᠢᠭ᠎ᠠ ᠳ᠋ᠢᠩ ᠱᠦᠢ ᠧ ᠨᠠᠰᠤᠲᠠᠨ ᠡᠨᠡ ᠵᠢᠯ 77 ᠨᠠᠰᠤᠲᠠᠢ᠂ ᠯᠠᠨ ᠹᠧᠩ ᠳ᠋ᠢᠩ ᠱᠦᠢ ᠧ ᠨᠠᠰᠤᠲᠠᠨ ᠤ ᠭᠡᠷ ᠲᠤ ᠨᠢ ᠬᠦᠷᠴᠦ᠂ ᠨᠠᠰᠤᠲᠠᠨ ᠤ ᠠᠮᠢᠳᠤᠷᠠᠯ᠂ ᠦᠷ᠎ᠡ ᠬᠡᠦᠬᠡᠳ ᠤᠨ ᠠᠵᠢᠯ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠭᠰᠠᠨ ᠤ ᠬᠠᠮᠲᠤ ᠲᠡᠭᠦᠨ ᠳᠤ ᠲᠣᠬᠤᠨᠢᠭᠤᠯᠬᠤ ᠮᠥᠩᠭᠦ ᠬᠦᠷᠭᠡᠪᠡ᠃ ᠯᠠᠨ ᠹᠧᠩ ᠬᠡᠯᠡᠭᠰᠡᠨ ᠨᠢ᠂ ᠮᠠᠨ ᠤ ᠨᠠᠮ ᠠᠬᠠᠮᠠᠳ ᠨᠠᠮ ᠤᠨ ᠭᠡᠰᠢᠭᠦᠨ ᠤ ᠬᠤᠪᠢ ᠨᠡᠮᠡᠷᠢ ᠶᠢ ᠮᠠᠷᠲᠠᠬᠤ ᠦᠭᠡᠢ ᠶᠤᠮ ᠂ ᠠᠬᠠᠮᠠᠳ ᠨᠠᠮ ᠤᠨ ᠭᠡᠰᠢᠭᠦᠨ ᠳᠤ ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠬᠤ ᠪᠣᠯ ᠨᠠᠮ ᠤᠨ ᠲᠥᠪ ᠬᠤᠷᠢᠶ᠎ᠠ ᠠᠴᠠ ᠠᠬᠠᠮᠠᠳ ᠨᠠᠮ ᠤᠨ ᠭᠡᠰᠢᠭᠦᠨ ᠳᠤ ᠦᠵᠡᠭᠦᠯᠦᠭᠰᠡᠨ ᠤᠯᠤᠰ ᠲᠦᠷᠦ ᠶᠢᠨ ᠬᠠᠯᠠᠮᠵᠢᠯᠠᠯ ᠪᠣᠯᠤᠨ᠎ᠠ᠃ ᠲᠡᠷᠡ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠪᠠᠷ ᠠᠬᠠᠮᠠᠳ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ᠠᠬᠠᠮᠠᠳ ᠨᠠᠮ ᠤᠨ ᠭᠡᠰᠢᠭᠦᠨ ᠢ ᠬᠦᠨᠳᠦᠳᠬᠡᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠦᠨᠡᠨᠬᠦ ᠪᠤᠢ ᠪᠣᠯᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠲᠡᠳᠡᠨ ᠤ ᠠᠮᠢᠳᠤᠷᠠᠯ ᠢ ᠰᠠᠶᠢᠵᠢᠷᠠᠭᠤᠯᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠭᠦᠢᠴᠡᠳ ᠬᠦᠷᠲᠡᠭᠡᠬᠦ ᠬᠡᠷᠡᠭᠲᠡᠢ ᠭᠡᠵᠡᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠶᠦᠩ ᠫᠢᠩ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1