| | | | | | | | | | | | | | | | | | | ᠰᠢᠷᠠᠯᠵᠢ ᠡᠪᠡᠰᠦ ᠶᠢ ᠠᠷᠢᠯᠭᠠᠨ᠂ ᠬᠠᠷᠰᠢᠯ ᠢ ᠰᠡᠷᠭᠡᠶᠢᠯᠡᠨ᠂ ᠡᠶ᠎ᠡ ᠵᠣᠬᠢᠴᠠᠯ ᠢ ᠡᠭᠦᠳᠴᠦ᠂ ᠪᠣᠳᠠᠲᠤ | ᠶᠠᠪᠤᠳᠠᠯ ᠢ ᠪᠦᠲᠦᠭᠡᠨ᠎ᠡ᠃ ᠡᠷᠡᠭᠦᠯ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 10 ᠤ ᠡᠳᠦᠷ᠂ | ᠴᠢᠩ ᠱᠦᠶ ᠾᠧ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠰᠢᠷᠠᠯᠵᠢ ᠡᠪᠡᠰᠦ ᠶᠢ | ᠠᠷᠢᠯᠭᠠᠵᠤ᠂ ᠣᠷᠴᠢᠨ ᠠᠬᠤᠶ ᠶᠢ ᠴᠡᠪᠡᠷᠰᠢᠭᠦᠯᠵᠦ᠂ ᠬᠤᠣᠰ ᠠᠮᠠᠷᠠᠯᠲᠠ ᠶᠢᠨ ᠡᠳᠦᠷ ᠢ ᠠᠰᠢᠭᠯᠠᠨ ᠴᠧᠩ ᠭᠤᠸᠠᠨ | ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠲᠤ ︽ᠰᠢᠷᠠᠯᠵᠢ ᠡᠪᠡᠰᠦ ᠶᠢ ᠠᠷᠢᠯᠭᠠᠵᠤ ᠬᠠᠷᠰᠢᠯ ᠢ ᠰᠡᠷᠭᠡᠶᠢᠯᠡᠬᠦ︾ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠢᠭᠡᠳᠦᠯᠲᠡᠶ ᠥᠷᠨᠢᠭᠦᠯᠵᠦ᠂ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ᠃ | ᠲᠤᠰ ᠡᠳᠦᠷ ᠤᠨ ᠥᠷᠯᠥᠭᠡ᠂ ᠰᠢᠶᠠᠨ ᠤ ᠤᠳᠤᠷᠢᠳᠤᠯᠭ᠎ᠠ ᠵᠠᠩ ᠺᠧ ᠯᠢᠩ᠂ ᠴᠧᠨ ᠬᠤᠷᠴᠠ᠂ ᠱᠢ ᠶᠦᠩ | ᠫᠢᠩ᠂ ᠳ᠋ᠦ᠋ ᠬᠦᠢ ᠵᠦᠩ᠂ ᠶᠠᠩ ᠬᠠᠢ ᠵᠢᠶᠦ᠋ᠨ ᠵᠡᠷᠭᠡ ᠲᠦᠷᠪᠡᠨ ᠶᠡᠭᠡ ᠪᠠᠭ ᠤᠨ ᠤᠳᠤᠷᠢᠳᠤᠯᠭ᠎ᠠ ᠨᠡᠷᠡᠨ ᠭᠡᠷᠡᠯᠲᠦ | ᠬᠡᠦᠬᠡᠳ ᠤᠨ ᠴᠡᠴᠡᠷᠯᠢᠭ ᠤᠨ ᠵᠡᠭᠦᠨ ᠲᠠᠯ᠎ᠠ ᠪᠣᠯᠤᠨ ᠨᠣᠮ ᠤᠨ ᠰᠠᠩ ᠤᠨ ᠪᠠᠷᠠᠭᠤᠨ ᠲᠠᠯ᠎ᠠ ᠳᠤ ᠬᠦᠷᠴᠦ᠂ ᠰᠢᠷᠠᠯᠵᠢ | ᠡᠪᠡᠰᠦ ᠶᠢ ᠦᠭᠲᠡᠭᠡᠵᠦ ᠬᠠᠶᠠᠪᠠ᠃ | ᠣᠶᠢᠷ᠎ᠠ ᠶᠢᠨ ᠵᠢᠯ ᠤᠳ ᠲᠤ᠂ ᠬᠠᠮᠠᠷ ᠤᠨ ᠦᠷᠪᠢᠰᠦᠯ ᠳᠤ ᠬᠠᠷᠰᠢᠬᠤ ᠬᠥᠮᠦᠨ ᠤ ᠲᠤᠭ᠎ᠠ ᠵᠢᠯ ᠳᠠᠷᠠᠭᠠᠯᠠᠨ | ᠨᠡᠮᠡᠭᠳᠡᠵᠦ᠂ ᠣᠯᠠᠩᠬᠢ ᠬᠠᠷᠰᠢᠮᠠᠲᠠᠭᠠᠶ ᠬᠠᠮᠠᠷ ᠤᠨ ᠦᠷᠪᠢᠰᠦᠯ ᠨᠢ ︽ᠠᠭᠠᠷ ᠢᠶᠠᠷ ᠲᠠᠷᠬᠠᠬᠤ ᠴᠡᠴᠡᠭ ᠤᠨ ᠲᠣᠭᠤᠰᠣ | ︾ ᠠᠴᠠ ᠪᠣᠯᠵᠠᠶ᠂ ᠡᠭᠦᠨ ᠤ ᠳᠣᠲᠣᠷ᠎ᠠ ᠰᠢᠷᠠᠯᠵᠢ ᠶᠢᠨ ᠲᠥᠷᠥᠯ ᠤᠨ ᠤᠷᠭᠤᠮᠠᠯ ᠤᠨ ᠴᠡᠴᠡᠭ ᠤᠨ ᠲᠣᠭᠤᠰᠣᠨ ᠤ | ᠬᠡᠶᠢᠰᠦᠨ ᠰᠠᠷᠨᠢᠬᠤ ᠬᠡᠮᠵᠢᠶ᠎ᠡ ᠨᠢ ᠬᠠᠮᠤᠭ ᠶᠡᠭᠡ᠂ ᠰᠢᠷᠠᠯᠵᠢ ᠶᠢᠨ ᠲᠥᠷᠥᠯ ᠤᠨ ᠤᠷᠭᠤᠮᠠᠯ ᠪᠣᠯ ᠰᠠᠯᠬᠢᠨ ᠤ | ᠣᠷᠴᠢᠨ ᠳᠠᠬᠢ ᠴᠡᠴᠡᠭ ᠤᠨ ᠲᠣᠭᠤᠰᠣ ᠳᠤ ᠪᠠᠭᠲᠠᠵᠤ᠂ ᠤᠮᠠᠷᠠᠲᠤ ᠣᠷᠣᠨ ᠳᠤ ᠥᠷᠭᠡᠨ ᠳᠡᠯᠭᠡᠷ ᠲᠠᠷᠬᠠᠵᠤ᠂ | ᠥᠰᠥᠯᠲᠡ ᠶᠢᠨ ᠴᠢᠳᠠᠪᠤᠷᠢ ᠨᠢ ᠲᠦᠢᠯ ᠤᠨ ᠰᠠᠶᠢᠨ ᠪᠠᠶᠢᠳᠠᠭ᠃ ᠵᠢᠯ ᠪᠦᠷᠢ ᠶᠢᠨ 7 ᠳ᠋ᠤᠭᠠᠷ ᠰᠠᠷ᠎ᠠ ᠠᠴᠠ 9 ᠳ᠋ᠦ᠋ᠭᠡᠷ | ᠰᠠᠷ᠎ᠠ ᠪᠣᠯᠲᠠᠯ᠎ᠠ ᠴᠡᠴᠡᠭᠯᠡᠬᠦ ᠬᠤᠭᠤᠴᠠᠭᠠᠨ ᠳᠤ ᠣᠷᠣᠳᠠᠭ ᠰᠢᠷᠠᠯᠵᠢ ᠡᠪᠡᠰᠦ ᠨᠢ ᠬᠥᠬᠡᠬᠤᠲᠠ ᠣᠷᠣᠨ ᠤ | ᠬᠠᠷᠰᠢᠮᠠᠲᠠᠭᠠᠶ ᠬᠠᠮᠠᠷ ᠤᠨ ᠦᠷᠪᠢᠰᠦᠯ ᠤᠨ ᠭᠤᠤᠯ ᠬᠠᠷᠰᠢᠮᠠᠲᠠᠭᠠᠶ ᠡᠳ᠋ ᠪᠣᠯᠳᠠᠭ᠃ | ᠴᠡᠪᠡᠷᠯᠡᠬᠦ ᠲᠤᠬᠠᠶ ᠶᠢᠨ ᠲᠠᠯᠠᠪᠠᠶ ᠳᠤ ᠣᠯᠠᠨ ᠢᠶᠠᠷ ᠢᠶᠠᠨ ᠡᠷᠴᠢ ᠵᠣᠷᠢᠭ ᠲᠡᠭᠦᠯᠳᠡᠷ ᠪᠠᠶᠢᠵᠤ᠂ ᠠᠵᠢᠯ | ᠬᠤᠪᠢᠶᠠᠷᠢᠯᠠᠨ ᠬᠠᠮᠵᠢᠯᠴᠠᠵᠤ᠂ ᠪᠤᠵᠠᠷ ᠪᠤᠷᠲᠠᠭ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ ᠵᠣᠷᠢᠭ | ᠰᠠᠨᠠᠭ᠎ᠠ ᠶᠢ ᠭᠦᠢᠴᠡᠳ ᠪᠠᠳᠠᠷᠠᠭᠤᠯᠤᠨ᠂ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠬᠤ ᠠᠵᠢᠯ ᠢ ᠬᠢᠵᠦ᠂ ᠵᠠᠷᠢᠮ ᠨᠢ | ᠦᠭᠲᠡᠭᠡᠨ ᠠᠪᠴᠤ ᠴᠡᠪᠡᠷᠯᠡᠬᠦ ᠶᠢ ᠬᠠᠷᠢᠭᠤᠴᠠᠵᠤ᠂ ᠵᠠᠷᠢᠮ ᠨᠢ ᠬᠠᠳᠤᠭᠤᠷ ᠬᠠᠳᠤᠵᠤ ᠬᠤᠷᠢᠶᠠᠬᠤ ᠶᠢ ᠬᠠᠷᠢᠭᠤᠴᠠᠵᠤ᠂ | ᠵᠠᠷᠢᠮ ᠨᠢ ᠰᠢᠷᠠᠯᠵᠢ ᠡᠪᠡᠰᠦ ᠶᠢ ᠨᠢᠭᠡᠳᠦᠯᠲᠡᠶ ᠭᠠᠵᠠᠷ ᠲᠤ ᠬᠦᠷᠭᠡᠵᠦ᠂ ᠦᠷᠭᠦᠯᠵᠢᠯᠡᠨ ᠵᠥᠭᠡᠭᠡᠪᠦᠷᠢᠯᠡᠬᠦ ᠳᠤ | ᠲᠥᠬᠦᠮ ᠦᠵᠡᠭᠦᠯᠦᠨ᠂ ᠡᠪᠡᠰᠦᠨ ᠤ ᠦᠷ᠎ᠡ ᠪᠤᠳᠠᠷᠠᠨ ᠤᠨᠠᠵᠤ ᠳᠠᠬᠢᠨ ᠤᠷᠭᠤᠬᠤ ᠠᠴᠠ ᠰᠡᠷᠭᠡᠶᠢᠯᠡᠪᠡ᠃ | ᠵᠠᠩ ᠺᠧ ᠯᠢᠩ ᠵᠢᠭᠠᠵᠤ ᠭᠠᠷᠭᠠᠭᠰᠠᠨ ᠨᠢ᠂ ᠨᠠᠮ ᠤᠨ ᠭᠡᠰᠢᠭᠦᠨ ᠺᠠᠳ᠋ᠷᠴᠤᠳ ᠵᠢᠱᠢᠶᠡᠴᠢ ᠶᠢᠨ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠰᠢᠷᠠᠯᠵᠢ ᠡᠪᠡᠰᠦ ᠶᠢ ᠠᠷᠢᠯᠭᠠᠬᠤ ᠶᠠᠪᠤᠳᠠᠯ ᠢ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ︽ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ︾ ᠤᠴᠢᠷ ᠪᠣᠯᠭᠠᠨ ᠪᠣᠳᠠᠲᠠᠢ ᠪᠠᠷ | ᠰᠠᠶᠢᠲᠤᠷ ᠬᠢᠵᠦ᠂ ᠴᠡᠪᠡᠷᠯᠡᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢᠨ ᠬᠠᠮᠲᠤ ᠥᠷᠭᠡᠨ ᠤᠯᠠᠨ ᠺᠠᠳ᠋ᠷ | ᠠᠵᠢᠯᠳᠠᠨ ᠠᠵᠢᠯᠴᠢᠨ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠬᠤᠳᠠ ᠪᠠᠯᠭᠠᠰᠤᠨ ᠤ ᠰᠠᠭᠤᠭᠠᠯᠢ ᠠᠷᠠᠳ ᠢ | ᠤᠷᠢᠶᠠᠯᠠᠨ ᠤᠷᠢᠶᠠᠯᠠᠵᠤ᠂ ᠰᠢᠷᠠᠯᠵᠢ ᠡᠪᠡᠰᠦ ᠶᠢ ᠠᠷᠢᠯᠭᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ | ᠰᠢᠷᠠᠯᠵᠢ ᠡᠪᠡᠰᠦ ᠶᠢᠨ ᠰᠠᠭᠤᠭᠠᠯᠢ ᠠᠷᠠᠳ ᠲᠤ ᠠᠪᠴᠢᠷᠠᠭᠰᠠᠨ ᠬᠠᠷᠰᠢᠯ ᠤᠨ ᠭᠠᠴᠢᠭᠳᠠᠯ ᠢ ᠠᠷᠢᠯᠭᠠᠵᠤ᠂ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠳᠦᠭᠡᠨ | ᠪᠠᠶᠢᠭᠤᠯᠬᠤ᠂ ᠬᠠᠷᠢᠶ᠎ᠠ ᠣᠷᠣᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠥᠪᠡᠷ ᠤᠨ ᠬᠤᠪᠢ ᠨᠡᠮᠡᠷᠢ ᠪᠠᠨ | ᠦᠵᠡᠭᠦᠯᠵᠦ᠂ ᠨᠠᠮ ᠤᠨ ᠵᠠᠭᠤᠨ ᠵᠢᠯ ᠤᠨ ᠤᠢ ᠳᠤ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠪᠤᠢ | ᠪᠣᠯᠭᠠᠵᠤ ᠥᠭᠬᠦ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠪᠥᠬᠦ ᠰᠢᠶᠠᠨ ᠤ 54 ᠨᠢᠭᠡᠴᠡ ᠶᠢᠨ ᠮᠢᠩᠭ᠎ᠠ ᠭᠠᠷᠤᠶ ᠺᠠᠳ᠋ᠷ ᠠᠵᠢᠯᠲᠠᠨ ᠠᠵᠢᠯᠴᠢᠨ | ᠪᠣᠯᠤᠨ ᠥᠷᠭᠡᠨ ᠣᠯᠠᠨ ᠨᠡᠶᠢᠭᠡᠮ ᠲᠣᠭᠤᠷᠢᠭ ᠤᠨ ᠣᠯᠠᠨ ᠲᠦᠮᠡᠨ᠂ ᠰᠠᠶᠢᠨ ᠳᠤᠷ᠎ᠠ ᠶᠢᠨ ᠠᠵᠢᠯᠯᠠᠭᠴᠢ ᠨᠠᠷ | ᠣᠷᠣᠯᠴᠠᠵᠤ᠂ 50 ᠭᠠᠷᠤᠶ ᠮᠥ ᠰᠢᠷᠠᠯᠵᠢ ᠡᠪᠡᠰᠦ ᠶᠢ ᠴᠡᠪᠡᠷᠯᠡᠨ ᠠᠷᠢᠯᠭᠠᠵᠤ᠂ ᠪᠠᠷᠤᠭ 20 ᠭᠠᠷᠤᠶ ᠲᠣᠨ ᠬᠦᠷᠴᠡᠢ | ᠃ ᠲᠤᠰ ᠤᠳᠠᠭᠠᠨ ᠤ ︽ᠰᠢᠷᠠᠯᠵᠢ ᠡᠪᠡᠰᠦ ᠶᠢ ᠠᠷᠢᠯᠭᠠᠵᠤ ᠬᠠᠷᠰᠢᠯ ᠢ ᠰᠡᠷᠭᠡᠶᠢᠯᠡᠬᠦ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ | ᠵᠢᠱᠢᠶᠡᠴᠢ ᠶᠢᠨ ᠦᠢᠯᠡᠳᠦᠯ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠦᠢᠴᠡᠳ | ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠢᠩ ᠱᠦᠢ ᠡᡁᠧ ᠰᠢᠶᠠᠨ ᠤ ᠨᠠᠮ ᠤᠨ ᠭᠡᠰᠢᠭᠦᠨ ᠺᠠᠳ᠋ᠷ ᠠᠵᠢᠯᠳᠠᠨ ᠤ | ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠤᠳᠠ ᠶᠢᠨ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ ᠠᠬᠢᠭᠤᠯᠵᠤ᠂ ᠬᠠᠷᠰᠢᠮᠠᠲᠠᠭᠠᠢ | ᠬᠠᠮᠠᠷ ᠤᠨ ᠦᠷᠪᠢᠰᠦᠯ ᠵᠡᠷᠭᠡ ᠡᠪᠡᠳᠴᠢᠲᠡᠨ ᠤ ᠬᠡᠰᠡᠭ ᠬᠠᠷᠰᠢᠮᠠᠲᠠᠭᠠᠶ ᠡᠳ᠋ ᠶᠢ ᠠᠷᠢᠯᠭᠠᠵᠤ᠂ ᠥᠷᠭᠡᠨ ᠤᠯᠠᠨ | ᠰᠠᠭᠤᠭᠠᠯᠢ ᠠᠷᠠᠳ ᠲᠤ ᠨᠡᠩ ᠴᠡᠪᠡᠷ ᠪᠣᠯᠪᠠᠰᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠤᠢ ᠪᠣᠯᠭᠠᠵᠤ ᠥᠭᠴᠡᠢ᠃ | |