ᠴᠢᠩ ᠱᠦᠢ ᠡᡁᠧ ᠰᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/15
     7 ᠳ᠋ᠤᠭᠠᠷ ᠰᠠᠷ᠎ᠠ ᠶᠢᠨ 9 ᠤ ᠡᠳᠦᠷ᠂ ᠴᠢᠩ ᠱᠦᠢ ᠡᡁᠧ ᠰᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠪᠦᠬᠦ ᠰᠢᠶᠠᠨ ᠤ ᠵᠠᠯᠠᠭᠤ ᠺᠠᠳ᠋ᠷ᠂ ᠪᠡᠯᠡᠳᠬᠡᠯ ᠺᠠᠳ᠋ᠷ ᠵᠢᠴᠢ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠺᠠᠳ᠋ᠷ ᠤᠨ ᠲᠥᠯᠥᠭᠡᠯᠡᠭᠴᠢ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠹᠦ᠋ ᠵᠧᠨ ᠴᠢᠶᠠᠩ ᠬᠤᠷᠠᠯ ᠢ ᠡᠷᠭᠢᠯᠡᠪᠡ᠃      ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ︽ᠢᠷᠡᠭᠡᠳᠦᠢ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠨ᠎ᠠ︾ ᠭᠡᠵᠡᠢ᠃ ᠡᠭᠦᠨ ᠤ ᠬᠠᠮᠲᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠢ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠣᠯᠬᠤ ᠣᠮᠤᠭ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠴᠠᠭ ᠦᠶ᠎ᠡ ᠳᠤ ᠣᠰᠣᠯᠳᠠᠬᠤ ᠥᠬᠡᠶ᠂ ᠵᠠᠯᠠᠭᠤ ᠨᠠᠰᠤᠨ ᠳᠠᠭᠠᠨ ᠣᠰᠣᠯᠳᠠᠬᠤ ᠥᠬᠡᠶ᠂ ᠨᠠᠮ ᠪᠠ ᠠᠷᠠᠳ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠳᠤ ᠣᠰᠣᠯᠳᠠᠬᠤ ᠥᠬᠡᠶ ᠪᠠᠶᠢᠬᠤ ᠬᠡᠷᠡᠭᠲᠡᠶ︕︾ ᠭᠡᠵᠦ ᠵᠣᠷᠢᠭᠵᠢᠭᠤᠯᠵᠠᠢ᠂ ᠵᠠᠯᠠᠭᠤ ᠺᠠᠳ᠋ᠷ ᠪᠣᠯ ᠴᠢᠩ ᠱᠦᠢ ᠡᡁᠧ ᠰᠢᠶᠠᠨ ᠤ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠬᠦᠴᠦᠨ ᠪᠠ ᠭᠠᠪᠰᠢᠭᠠᠢ ᠠᠩᠬᠢ ᠮᠥᠨ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠰᠤᠷᠭᠠᠯ ᠪᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠶᠢᠨ ᠠᠭᠤᠤ ᠶᠡᠭᠡ ᠤᠷᠢᠶᠠᠯᠠᠭ᠎ᠠ ᠶᠢ ᠡᠷᠡᠰ ᠴᠤᠤᠷᠢᠶᠠᠲᠤᠨ ᠲᠠᠭᠠᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠨᠠᠮ ᠪᠠ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠵᠠᠩ ᠺᠧ ᠯᠢᠩ ᠥᠷᠭᠡᠨ ᠤᠯᠠᠨ ᠵᠠᠯᠠᠭᠤ ᠺᠠᠳ᠋ᠷᠴᠤᠳ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠲᠣᠭᠤᠷᠢᠨ ᠳᠤ ᠭᠤᠷᠪᠠᠨ ᠲᠠᠯ᠎ᠠ ᠶᠢᠨ ᠪᠣᠳᠠᠲᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ ᠳᠣᠲᠣᠷ ᠲᠠᠮᠢᠷ ᠢᠶᠠᠨ ᠬᠠᠲᠠᠭᠤᠵᠢᠯᠲᠠᠶ ᠪᠣᠯᠪᠠᠰᠤᠷᠠᠬᠤ ᠬᠡᠷᠡᠭᠲᠡᠶ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠴᠢ ᠰᠢᠳᠤᠷᠭᠤ ᠵᠠᠩ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠰᠢᠷᠭᠠᠭᠤ ᠬᠠᠲᠠᠭᠤᠵᠢᠯᠲᠠᠶ ᠰᠤᠷᠤᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠂ ᠠᠭᠤᠤ ᠶᠡᠭᠡ ᠬᠦᠰᠡᠯ ᠵᠡᠭᠦᠳᠦ ᠳᠤ ᠢᠳᠡᠪᠬᠢᠲᠡᠢ ᠣᠷᠣᠯᠴᠠᠵᠤ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯᠲᠠ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠷᠤᠭᠰᠢᠯᠠᠯᠲᠠ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠶᠡᠭᠡ ᠵᠣᠷᠢᠭ ᠢ ᠡᠪᠦᠷᠯᠡᠨ᠂ ᠶᠡᠭᠡ ᠮᠣᠷᠠᠯ ᠢ ᠮᠡᠳᠡᠵᠦ᠂ ᠶᠡᠭᠡ ᠴᠢᠳᠠᠪᠤᠷᠢᠲᠠᠨ ᠪᠤᠯᠵᠤ᠂ ᠶᠡᠭᠡ ᠡᠭᠦᠷᠭᠡ ᠶᠢ ᠡᠭᠦᠷᠭᠡᠯᠡᠵᠦ᠂ ᠴᠠᠭ ᠦᠶ᠎ᠡ ᠠᠴᠠ ᠣᠯᠭᠤᠭᠰᠠᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠵᠠᠯᠠᠭᠤ ᠨᠠᠰᠤᠨ ᠤ ᠬᠦᠰᠡᠯ ᠮᠥᠷᠥᠭᠡᠳᠦᠯ ᠢᠶᠠᠨ ᠳᠡᠭᠦᠯᠢᠨ ᠨᠢᠭᠰᠢᠭᠡᠬᠦ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠴᠢᠳᠠᠪᠤᠷᠢ᠂ ᠪᠠᠶᠢᠴᠠᠭᠠᠨ ᠰᠤᠳᠤᠯᠤᠯᠲᠠ ᠬᠢᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠥᠭᠡᠷᠡᠴᠢᠯᠡᠯᠲᠡ ᠬᠢᠬᠦ ᠪᠣᠭᠤᠮᠲᠠ ᠰᠢᠪᠲᠤᠯᠬᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠤᠯᠠᠨ ᠲᠦᠮᠡᠨ ᠤ ᠠᠵᠢᠯ᠂ ᠨᠠᠶᠢᠳᠠᠪᠤᠷᠢᠵᠢᠭᠤᠯᠤᠯᠲᠠ ᠶᠢ ᠠᠳᠬᠤᠬᠤ ᠵᠡᠷᠭᠡ ︽ᠲᠤᠯᠤᠭᠠᠨ ᠵᠦᠢᠯ ᠤᠨ ᠴᠢᠳᠠᠪᠤᠷᠢ︾ ᠶᠢ ᠬᠥᠮᠦᠵᠢᠭᠦᠯᠵᠦ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠵᠦ᠂ ᠠᠵᠢᠯ ᠤᠨ ᠳᠤᠮᠳᠠ ᠪᠠᠨ ᠥᠪᠡᠷ ᠢ ᠪᠠᠨ ᠭᠡᠷᠡᠴᠢᠯᠡᠵᠦ᠂ ᠠᠭᠤᠤ ᠶᠡᠭᠡ ᠲᠡᠮᠡᠴᠡᠯ ᠬᠢᠬᠦ ᠂ ᠠᠭᠤᠤ ᠶᠡᠭᠡ ᠢᠨᠵᠧᠨᠧᠷᠢᠩ ᠢ ᠪᠦᠳᠦᠭᠡᠨ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠵᠠᠮ ᠳᠡᠭᠡᠷ᠎ᠡ᠂ ᠴᠠᠭ ᠦᠶ᠎ᠡ ᠶᠢ ᠦᠯᠦ ᠬᠥᠰᠡᠷᠳᠡᠭᠦᠯᠬᠦ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠭᠤᠷᠪᠠ ᠳᠤ᠂ ︽ᠲᠦᠷᠪᠡ ᠶᠢ ᠪᠣᠯᠪᠠᠰᠤᠷᠠᠭᠤᠯᠬᠤ︾ ᠶᠢ ᠴᠢᠩᠭᠠᠳᠬᠠᠵᠤ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠦᠵᠡᠯ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠬᠤ ᠳᠤ ᠪᠠᠶᠢᠩᠭᠤ ᠠᠳᠬᠤᠨ ᠪᠠᠶᠢᠩᠭᠤ ᠰᠢᠨ᠎ᠡ ᠶᠢ ᠡᠭᠦᠳᠴᠦ᠂ ᠤᠯᠤᠰ ᠲᠦᠷᠦ ᠶᠢᠨ ᠳᠠᠪᠲᠠᠯᠲᠠ ᠶᠢ ᠴᠢᠩᠭ᠎ᠠ ᠪᠣᠳᠠᠲᠠᠢ ᠬᠢᠵᠦ᠂ ᠦᠢᠯᠡᠳᠦᠯᠭᠡ ᠶᠢᠨ ᠳᠠᠪᠲᠠᠯᠲᠠ ᠶᠢ ᠶᠡᠭᠡ ᠲᠠᠯ᠎ᠠ ᠳᠤ ᠠᠭᠤᠰᠤᠯᠴᠠᠭᠤᠯᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠪᠣᠳᠠᠲᠠᠢ ᠳᠤ ᠰᠠᠭᠤᠷᠢᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠭᠠᠷᠭᠠᠭᠰᠠᠨ ᠠᠭᠤᠤ ᠶᠡᠭᠡ ᠤᠷᠢᠶᠠᠯᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠯᠥᠭᠡ ᠦᠳᠡᠰᠢ ᠶᠢ ᠲᠡᠮᠡᠴᠡᠵᠦ᠂ ᠵᠠᠯᠠᠭᠤ ᠨᠠᠰᠤ ᠪᠠᠨ ᠦᠯᠦ ᠬᠥᠰᠡᠷᠳᠡᠭᠦᠯᠦᠨ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠩ ᠱᠦᠢ ᠡᡁᠧ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠭᠡ ᠬᠦᠴᠦ ᠬᠥᠯᠥᠰᠥ ᠪᠠᠨ ᠰᠢᠪᠬᠠᠵᠤ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠵᠠᠯᠠᠭᠤ ᠺᠠᠳ᠋ᠷ᠂ ᠪᠡᠯᠡᠳᠬᠡᠯ ᠺᠠᠳ᠋ᠷ ᠵᠢᠴᠢ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠺᠠᠳ᠋ᠷ ᠤᠨ ᠲᠥᠯᠥᠭᠡᠯᠡᠭᠴᠢ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1