ᠴᠢᠩ ᠱᠦᠢ ᠾᠧ ᠰᠢᠶᠠᠨ 2021 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/15
     7 ᠳ᠋ᠤᠭᠠᠷ ᠰᠠᠷ᠎ᠠ ᠶᠢᠨ 13 ᠤ ᠡᠳᠦᠷ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠣᠷᠣᠯᠠᠭᠴᠢ ᠳᠠᠷᠤᠭ᠎ᠠ ᠴᠧᠨ ᠬᠤᠷᠴᠠ ᠪᠥᠬᠦ ᠰᠢᠶᠠᠨ ᠤ 2021 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠠᠵᠤ ᠠᠬᠤᠢ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠳᠣᠣᠷ᠎ᠠ ᠬᠠᠭᠠᠰ ᠵᠢᠯ ᠤᠨ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠭᠤᠣᠯ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ ᠪᠦᠬᠦ ᠰᠢᠶᠠᠨ ᠢᠶᠠᠷ ᠢᠶᠠᠨ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠᠲᠤ ᠡᠭᠦᠷᠭᠡ ᠲᠠᠢ ᠨᠢᠭᠲᠠ ᠤᠶᠠᠯᠳᠤᠭᠤᠯᠤᠨ᠂ ᠬᠦᠴᠢᠷ ᠢ ᠰᠦᠷᠦᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠨᠡᠯᠢᠶᠡᠳ ᠰᠠᠶᠢᠨ ᠠᠮᠵᠢᠯᠲᠠ ᠪᠦᠲᠦᠮᠵᠢ ᠣᠯᠵᠠᠶ᠃ ᠲᠦᠷᠦᠭᠦᠤ ᠬᠠᠭᠠᠰ ᠵᠢᠯ ᠳᠤ᠂ ᠪᠥᠬᠦ ᠰᠢᠶᠠᠨ ᠢᠶᠠᠷ ᠢᠶᠠᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 32.46 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠨ᠂ ᠪᠥᠬᠦ ᠵᠢᠯ ᠤᠨ ᠬᠠᠷᠠᠯᠲᠠᠲᠤ ᠡᠭᠦᠷᠭᠡ ᠶᠢᠨ 46.48% ᠶᠢ ᠪᠡᠶᠡᠯᠡᠭᠦᠯᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 3.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 125.8% ᠨᠡᠮᠡᠭᠳᠡᠨ᠂ ᠪᠥᠬᠦ ᠵᠢᠯ ᠤᠨ ᠬᠠᠷᠠᠯᠲᠠᠲᠤ ᠡᠭᠦᠷᠭᠡ ᠶᠢᠨ 37.5% ᠶᠢ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.11 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26.88ᠨᠡᠮᠡᠭᠳᠡᠨ᠂ ᠪᠥᠬᠦ ᠵᠢᠯ ᠤᠨ ᠬᠠᠷᠠᠯᠲᠠᠲᠤ ᠡᠭᠦᠷᠭᠡ ᠶᠢᠨ 62.49% ᠶᠢ ᠪᠡᠶᠡᠯᠡᠭᠦᠯᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14902 ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 8.0% ᠪᠠᠭᠤᠷᠠᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5070 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.4% ᠪᠠᠭᠤᠷᠠᠪᠠ᠃ ᠳᠣᠣᠷ᠎ᠠ ᠬᠠᠭᠠᠰ ᠵᠢᠯ ᠪᠣᠯ ᠪᠦᠬᠦ ᠵᠢᠯ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠪᠦᠬᠦ ᠵᠢᠯ ᠲᠠᠢ ᠬᠠᠷᠢᠴᠠᠭᠤᠯᠤᠨ ᠠᠬᠢᠴᠠ ᠶᠢ ᠦᠵᠡᠵᠦ᠂ ᠬᠦᠴᠦᠲᠦ ᠵᠦᠢᠯ ᠢ ᠳᠡᠭᠡᠭᠰᠢᠯᠡᠭᠦᠯᠬᠦ ᠶᠢ ᠠᠳᠬᠤᠵᠤ᠂ ᠪᠠᠭᠤᠷᠠᠢ ᠵᠦᠢᠯ ᠢ ᠪᠠᠷᠢᠮᠵᠢᠶ᠎ᠠ ᠳᠤ ᠬᠦᠷᠭᠡᠬᠦ ᠶᠢ ᠠᠳᠬᠤᠵᠤ᠂ ᠬᠦᠴᠢᠷᠲᠡᠢ ᠵᠦᠢᠯ ᠢ ᠰᠢᠪᠲᠤᠯᠬᠤ ᠶᠢ ᠠᠳᠬᠤᠵᠤ᠂ ᠬᠦᠴᠦᠲᠦ ᠠᠷᠠᠯᠵᠢᠶᠠᠴᠢᠨ ᠤᠷᠢᠬᠤ ᠪᠠᠷ ᠭᠤᠣᠯ ᠪᠠᠶᠢᠯᠳᠤᠬᠤ ᠪᠤᠳᠤᠯᠭ᠎ᠠ ᠪᠠᠨ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠪᠡᠯᠡ ᠣᠷᠣᠭᠤᠯᠵᠤ ᠠᠪᠴᠢᠷᠠᠬᠤ ᠨᠡᠮᠡᠭᠳᠡᠯ ᠤᠨ ᠬᠡᠮᠵᠢᠶ᠎ᠡ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ᠂ ᠲᠠᠷᠢᠶᠠᠯᠠᠩ ᠤᠨ ᠦᠷ᠎ᠡ ᠠᠰᠢᠭ ᠤᠨ ᠨᠡᠮᠡᠭᠳᠡᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠪᠣᠯᠤᠨ ᠡᠳ᠋ ᠤᠨ ᠵᠠᠰᠠᠭ ᠤᠨ ᠪᠣᠳᠠᠲᠤ ᠬᠦᠴᠦᠨ ᠤ ᠨᠡᠮᠡᠭᠳᠡᠯ ᠢ ᠪᠦᠬᠦ ᠲᠠᠯ᠎ᠠ ᠪᠠᠷ ᠠᠬᠢᠭᠤᠯᠵᠤ᠂ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠃ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠠᠨ ᠲᠦᠷᠭᠡᠨ ᠬᠥᠭᠵᠢᠭᠦᠯᠬᠦ ᠳᠡᠭᠡᠷ᠎ᠡ ᠨᠢᠭᠡᠳᠬᠡᠵᠦ᠂ ᠲᠦᠷᠭᠡᠨ ᠬᠥᠭᠵᠢᠭᠦᠯᠬᠦ ᠶᠠᠪᠤᠳᠠᠯ ᠢ ᠪᠣᠳᠠᠲᠠᠶ ᠦᠢᠯᠡᠳᠦᠯᠭᠡ ᠶᠢᠨ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠵᠢᠷᠭᠤᠭᠠᠨ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ ᠭᠤᠣᠯᠳᠠᠯᠭ᠎ᠠ ᠶᠢ ᠲᠤᠪᠤᠶᠢᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠬᠤᠶᠠᠷ ᠲᠤ ᠴᠠᠭ ᠮᠥᠴᠡ ᠶᠢ ᠵᠠᠪᠳᠤᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠭᠤᠷᠪᠠ ᠳᠤ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠲᠦᠷᠪᠡ ᠳᠤ ᠨᠠᠷᠢᠯᠢᠭ ᠬᠠᠮᠢᠶᠠᠷᠴᠤ᠂ ᠥᠨᠳᠥᠷ ᠪᠠᠷᠢᠮᠵᠢᠶ᠎ᠠ ᠪᠠᠷ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠲᠠᠪᠤ ᠳᠤ᠂ ᠦᠯᠢᠭᠡᠷ ᠵᠢᠱᠢᠶ᠎ᠡ ᠶᠢ ᠤᠷᠢᠳᠠᠪᠠᠷ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠵᠢᠷᠭᠤᠭ᠎ᠠ ᠳᠤ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠵᠡᠷᠭᠡᠪᠡᠷ᠂ ᠳᠣᠣᠷ᠎ᠠ ᠬᠠᠭᠠᠰ ᠵᠢᠯ ᠳᠤ ᠮᠠᠨ ᠤ ᠰᠢᠶᠠᠨ ᠤ ᠠᠵᠤ ᠠᠬᠤᠢ ᠶᠢᠨ ᠠᠵᠢᠯ ᠤᠨ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠬᠥᠭᠵᠢᠯᠲᠡ ᠪᠠᠷ ᠥᠪᠡᠷ ᠤᠨ ᠡᠭᠦᠷᠭᠡ ᠪᠠᠨ ᠪᠣᠯᠭᠠᠵᠤ᠂ ᠤᠳᠤᠷᠢᠳᠤᠯᠭ᠎ᠠ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠠᠯᠲᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠶᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠵᠢᠯ ᠤᠨ ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠡᠭᠡᠷ᠎ᠡ ᠬᠠᠭᠠᠰ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠵᠢᠴᠢ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢᠶᠠᠨ ᠲᠣᠰ ᠲᠣᠰ ᠬᠠᠷᠢᠭᠤ ᠮᠡᠳᠡᠭᠦᠯᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠯᠢ ᠵᠢᠶᠦ᠋ᠨ᠂ ᠰᠢᠶᠠᠨ ᠤ ᠳᠡᠳ᠋ ᠳᠠᠷᠤᠭ᠎ᠠ ᠪᠠᠶ ᠬᠠᠶ ᠯᠢᠨ ᠳᠣᠤᠷ᠎ᠠ ᠬᠠᠭᠠᠰ ᠵᠢᠯ ᠤᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ ᠭᠠᠶᠢᠯᠢ ᠲᠠᠲᠠᠪᠤᠷᠢ᠂ ᠲᠠᠷᠢᠶᠠᠯᠠᠩ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠲᠣᠰ ᠲᠣᠰ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃      ᠰᠢᠶᠠᠨ ᠤ ᠤᠳᠤᠷᠢᠳᠤᠯᠭ᠎ᠠ ᠳ᠋ᠦ᠋ ᠬᠦᠢ ᠵᠦᠩ᠂ ᠯᠢ ᠵᠢᠶᠦ᠋ᠨ᠂ ᠪᠠᠢ ᠬᠠᠢ ᠯᠢᠨ᠂ ᠸᠠᠩ ᠬᠤᠢ ᠮᠢᠨ᠂ ᠵᠠᠩ ᠷᠦ᠋ ᠭᠠᠩ᠂ ᠯᠢᠦ ᠽᠠᠢ ᠵᠢᠶᠦ᠋ᠨ ᠵᠢᠴᠢ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1