| | | | | | | | | | 7 ᠳ᠋ᠤᠭᠠᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ | ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠪᠥᠬᠦᠳᠡ | ᠬᠤᠷᠠᠯ ᠬᠤᠷᠠᠯᠳᠤᠪᠠ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 199 ᠬᠥᠮᠦᠨ᠂ ᠪᠣᠳᠠᠲᠠᠢ ᠣᠷᠣᠯᠴᠠᠭᠰᠠᠨ | ᠲᠥᠯᠥᠭᠡᠯᠡᠭᠴᠢ 192 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠰᠢᠶᠠᠨ ᠤ ᠤᠳᠤᠷᠢᠳᠤᠯᠭ᠎ᠠ ᠵᠠᠩ ᠺᠧ ᠯᠢᠩ᠂ ᠴᠧᠨ ᠬᠤᠷᠴᠠ᠂ ᠶᠠᠩ ᠬᠠᠢ ᠵᠢᠶᠦ᠋ᠨ᠂ ᠹᠦ᠋ ᠵᠧᠨ ᠴᠢᠶᠠᠩ᠂ | ᠯᠢ ᠵᠢᠶᠦ᠋ᠨ᠂ ᠵᠢᠩ ᠾᠦᠸᠧ ᠶᠤᠸᠠᠨ᠂ ᠶᠦᠨ ᠵᠢᠩ᠂ ᠵᠠᠢ ᠮᠢᠨ᠂ ᠮᠠ ᠵᠢᠶᠠᠨ ᠴᠦᠨ᠂ ᠵᠢᠶᠤᠤ ᠴᠢᠶᠠᠨ᠂ ᠵᠤᠤ | ᠵᠢᠶᠠᠨ ᠵᠢᠶᠦ᠋ᠨ ᠵᠢᠴᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠬᠤᠷᠠᠯ ᠳᠤ | ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃ | ᠶᠡᠭᠡ ᠬᠤᠷᠠᠯ ᠢ ᠭᠦᠢᠴᠡᠳᠬᠡᠭᠴᠢ ᠲᠡᠷᠢᠭᠦᠯᠡᠭᠴᠢ ᠶᠠᠩ ᠬᠠᠢ ᠵᠢᠶᠦ᠋ᠨ ᠨᠥᠬᠦᠷ ᠡᠷᠬᠢᠯᠡᠪᠡ᠃ | ᠬᠥᠬᠡᠬᠤᠲᠠ ᠶᠢᠨ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ | ᠬᠤᠭᠤᠴᠠᠭ᠎ᠠ ᠰᠣᠯᠢᠬᠤ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠠᠩ ᠯᠠᠨ ᠵᠢᠶᠦ᠋ᠨ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ᠃ | ᠬᠤᠷᠠᠯ ᠠᠴᠠ ᠭᠠᠷ ᠡᠷᠭᠦᠨ ᠪᠠᠲᠤᠯᠠᠬᠤ ᠠᠷᠭ᠎ᠠ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ | ᠱᠦᠢ ᠡᡁᠧ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠣᠩᠭᠤᠭᠤᠯᠢ ᠶᠢᠨ ᠠᠷᠭ᠎ᠠ︾ ᠶᠢ ᠪᠠᠲᠤᠯᠠᠪᠠ︔ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠦᠯᠬᠦᠮ | ᠬᠤᠪᠢᠶᠠᠭᠰᠠᠨ ᠪᠡᠯᠡᠳᠬᠡᠯ ᠰᠣᠩᠭᠤᠭᠤᠯᠢ ᠶᠢᠨ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ︔ ᠶᠡᠭᠡ ᠬᠤᠷᠠᠯ ᠤᠨ | ᠶᠡᠷᠦᠩᠬᠡᠢ ᠪᠢᠯᠧᠲ ᠪᠦᠷᠢᠳᠬᠡᠭᠴᠢ᠂ ᠪᠢᠯᠧᠲ ᠪᠦᠷᠢᠳᠬᠡᠭᠴᠢ᠂ ᠪᠦᠯᠬᠦᠮ ᠬᠤᠪᠢᠶᠠᠭᠰᠠᠨ ᠪᠡᠯᠡᠳᠬᠡᠯ | ᠰᠣᠩᠭᠤᠭᠤᠯᠢ ᠶᠢᠨ ᠪᠢᠯᠧᠲ ᠪᠦᠷᠢᠳᠬᠡᠭᠴᠢ ᠶᠢᠨ ᠨᠡᠷᠡᠰ ᠢ ᠨᠡᠶᠢᠲᠡᠯᠡᠪᠡ᠃ | |