ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠠᠷᠢᠶᠠᠴᠢᠳ ᠲᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2021/7/8

     7 ᠳ᠋ᠤᠭᠠᠷ ᠰᠠᠷ᠎ᠠ ᠶᠢᠨ 2 ᠤᠨ ᠡᠳᠦᠷ᠂ ᠪᠠᠭ᠎ᠠ ᠲᠦᠷᠭᠡᠨ ᠭᠤᠣᠯ ᠪᠠᠯᠭᠠᠰᠤ  ᠢᠦᠢ ᠴᠢᠦᠸᠠᠨ

ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ  ᠬᠠᠮᠲᠤᠷᠠᠨ᠂ ᠥᠪᠥᠷ ᠮᠣᠩᠭᠤᠯ ᠤᠨ

ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠪᠦᠯᠬᠦᠮ ᠤᠨ ᠲᠤᠰᠬᠠᠢ ᠮᠡᠷᠭᠡᠵᠢᠯᠲᠡᠨ ᠢ ᠤᠷᠢᠨ᠂ ᠮᠣᠯᠣᠭᠲᠠᠢ ᠲᠣᠰᠬᠤᠨ ᠳᠤ ᠲᠠᠷᠢᠶᠠᠯᠠᠩ ᠤᠨ ᠲᠤᠰᠬᠠᠢ

ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠬᠤ ᠪᠣᠯᠪᠠᠰᠤᠷᠠᠭᠤᠯᠤᠯ ᠡᠷᠬᠢᠯᠡᠵᠦ᠂ ᠡᠯ᠎ᠡ ᠲᠣᠰᠬᠤᠨ ᠤ ᠲᠠᠷᠢᠶᠠᠯᠠᠩ

ᠠᠵᠤ ᠠᠬᠤᠢ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠬᠤᠷᠰᠢᠶ᠎ᠠ ᠶᠢᠨ ᠳᠠᠭᠠᠭᠤᠯᠤᠭᠴᠢ᠂ ᠲᠡᠵᠢᠭᠡᠪᠦᠷᠢ  ᠶᠢᠨ

ᠡᠷᠦᠬᠡ ᠨᠦᠭᠦᠳ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠤ᠂ ᠪᠣᠯᠪᠠᠰᠤᠷᠠᠭᠤᠯᠤᠯ ᠤᠨ ᠳᠠᠷᠠᠭ᠎ᠠ᠂

ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠣᠨᠴᠠ

ᠲᠣᠮᠢᠯᠠᠭᠳᠠᠭᠰᠠᠳ ᠲᠣᠰᠬᠤᠨ ᠳᠤ ᠢᠷᠡᠵᠦ ᠲᠠᠷᠢᠶᠠᠴᠢᠳ ᠲᠤ ᠡᠯ᠎ᠡ ᠵᠦᠢᠯ ᠤᠨ ᠲᠠᠷᠢᠶᠠᠯᠠᠩ ᠠᠵᠤ ᠠᠬᠤᠢ ᠶᠢᠨ

ᠮᠡᠳᠡᠯᠭᠡ ᠶᠢ ᠲᠦᠭᠡᠮᠡᠯᠵᠢᠭᠦᠯᠵᠦ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠪᠡ᠃ ᠬᠥᠬᠡᠬᠤᠲᠠ ᠶᠢᠨ ᠣᠷᠣᠢ ᠶᠢᠨ

ᠰᠣᠨᠢᠨ ᠤ ᠰᠤᠷᠪᠤᠯᠵᠢᠯᠠᠭᠴᠢ ᠵᠢᠶᠠ ᠮᠢᠨ ᠰᠡᠭᠦᠳᠡᠷᠯᠡᠨ ᠮᠡᠳᠡᠭᠡᠯᠡᠪᠡ

 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1