ᠵᠠᠩ ᠺᠧ ᠯᠢᠩ ᠯᠣᠣ ᠨᠢᠦ ᠫᠦᠸᠧ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/7/9
     7 ᠳ᠋ᠤᠭᠠᠷ ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ ᠯᠣᠣ ᠨᠢᠦ ᠫᠦᠸᠧ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠯᠣᠣ ᠨᠢᠦ ᠫᠦᠸᠧ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ᠂ ᠯᠣᠣ ᠨᠢᠦ ᠫᠦᠸᠧ ᠲᠣᠰᠬᠤᠨ ᠤ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠲᠤᠬᠠᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ᠂ ᠵᠠᠩ ᠺᠧ ᠯᠢᠩ ᠨᠡᠷ ᠯᠣᠣ ᠨᠢᠦ ᠫᠦᠸᠧ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠠᠯᠪᠠᠨ ᠠᠰᠠᠷ ᠤᠨ ᠴᠢᠳᠠᠮᠵᠢ ᠶᠢᠨ ᠬᠤᠪᠢᠶᠠᠷᠢ ᠲᠣᠭᠤᠷᠢᠭ ᠤᠨ ᠪᠠᠶᠢᠷᠢᠯᠠᠭᠤᠯᠤᠯᠲᠠ᠂ ᠰᠤᠷᠤᠯᠴᠠᠭᠴᠢ ᠶᠢᠨ ᠪᠠᠶᠢᠷᠢ᠂ ᠪᠣᠯᠪᠠᠰᠤᠷᠠᠭᠤᠯᠤᠯ ᠤᠨ ᠮᠡᠳᠡᠭᠦᠯᠦᠯᠲᠡ ᠶᠢᠨ ᠲᠢᠩᠬᠢᠮ᠂ ᠲᠡᠷᠭᠡᠨ ᠵᠣᠭᠰᠣᠭᠠᠯ ᠵᠢᠴᠢ ᠦᠵᠡᠮᠵᠢ ᠶᠢᠨ ᠲᠣᠭᠤᠷᠢᠭ ᠤᠨ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠭᠡᠷᠡᠯᠲᠦᠭᠦᠯᠭᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠥᠷᠥᠯ ᠵᠦᠢᠯ ᠤᠨ ᠬᠤᠯᠪᠣᠭᠳᠠᠯ ᠪᠥᠬᠦᠶ ᠪᠣᠳᠠᠲᠠᠶ ᠠᠰᠠᠭᠤᠳᠠᠯ ᠤᠨ ᠲᠠᠯ᠎ᠠ ᠪᠠᠷ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠬᠠᠷᠢᠭᠤᠴᠠᠯᠭᠠᠲᠠᠨ ᠲᠠᠢ ᠲᠤᠬᠠᠶ ᠶᠢᠨ ᠲᠠᠯᠠᠪᠤᠷ ᠲᠤ ᠰᠣᠯᠢᠯᠴᠠᠵᠤ᠂ ᠪᠣᠳᠠᠲᠠᠶ ᠱᠠᠭᠠᠷᠳᠠᠯᠭ᠎ᠠ ᠳᠤᠷᠠᠳᠪᠠ᠃      ᠵᠠᠩ ᠺᠧ ᠯᠢᠩ ᠵᠢᠭᠠᠵᠤ ᠭᠠᠷᠭᠠᠭᠰᠠᠨ ᠨᠢ᠂ ᠯᠣᠣ ᠨᠢᠦ ᠫᠦᠸᠧ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠪᠡᠯᠡᠭ ᠬᠦᠷᠭᠡᠬᠦ ᠢᠨᠵᠧᠨᠧᠷᠢᠩ ᠪᠣᠯᠤᠭᠰᠠᠨ ᠤ ᠬᠤᠪᠢ ᠳᠤ᠂ ᠮᠥᠨᠴᠦ ᠣᠷᠣᠨ ᠨᠤᠲᠤᠭ ᠤᠨ ᠠᠵᠤ ᠠᠬᠤᠢ᠂ ᠬᠤᠪᠢᠰᠬᠠᠯ ᠤᠨ ᠰᠤᠷᠭᠠᠨ ᠬᠥᠮᠦᠵᠢᠯ᠂ ᠬᠤᠪᠢᠰᠬᠠᠯ ᠤᠨ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠭᠤᠣᠯᠳᠠᠯᠭ᠎ᠠ ᠲᠠᠢ ᠲᠦᠷᠦᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠠᠲᠤ ᠴᠡᠭᠡᠵᠢᠯᠡᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ᠃ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠠᠶᠢᠲᠤᠷ ᠠᠳᠬᠤᠵᠤ᠂ ᠣᠶᠢᠵᠢᠭᠤᠯᠬᠤ ᠳᠤ ᠲᠣᠬᠢᠷᠠᠮᠵᠢᠲᠠᠶ ᠪᠣᠯ ᠣᠶᠢᠵᠢᠭᠤᠯᠵᠤ᠂ ᠪᠡᠯᠴᠢᠭᠡᠷᠯᠡᠭᠦᠯᠬᠦ ᠳᠤ ᠲᠣᠬᠢᠷᠠᠮᠵᠢᠲᠠᠶ ᠪᠣᠯ ᠪᠡᠯᠴᠢᠭᠡᠷᠯᠡᠭᠦᠯᠬᠦ ᠣᠨᠣᠯᠵᠢᠬᠤᠨ ᠢᠶᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠦᠵᠡᠮᠵᠢ ᠶᠢᠨ ᠣᠷᠣᠨ ᠵᠢᠴᠢ ᠵᠠᠮ ᠳᠠᠭᠠᠤ ᠶᠢᠨ ᠨᠣᠭᠤᠭᠠᠷᠠᠭᠤᠯᠵᠤ ᠭᠡᠷᠡᠯᠲᠦᠭᠦᠯᠬᠦ ᠠᠵᠢᠯ ᠢ ᠰᠠᠶᠢᠲᠤᠷ ᠬᠢᠵᠦ᠂ ᠬᠠᠮᠢᠶᠠᠷᠤᠯᠲᠠ ᠪᠠᠨ ᠴᠢᠩᠭᠠᠳᠬᠠᠵᠤ᠂ ᠦᠵᠡᠮᠵᠢ ᠶᠢᠨ ᠣᠷᠣᠨ ᠤ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠳᠡᠯᠭᠡᠨ ᠦᠵᠡᠭᠦᠯᠬᠦ ᠠᠭᠤᠯᠭ᠎ᠠ ᠪᠠᠨ ᠪᠠᠶᠠᠯᠢᠭᠵᠢᠭᠤᠯᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠡᠭᠦᠨ ᠤ ᠬᠠᠮᠲᠤ ᠰᠣᠶᠣᠯ ᠤᠨ ᠠᠭᠤᠯᠬᠤᠨ ᠢ ᠳᠣᠪᠤᠶᠢᠯᠭᠠᠵᠤ᠂ ᠬᠤᠪᠢᠰᠬᠠᠯ ᠤᠨ ᠰᠣᠶᠣᠯ ᠢ ᠲᠡᠦᠬᠡ ᠰᠣᠶᠣᠯ ᠲᠠᠢ ᠨᠢᠭᠲᠠ ᠤᠶᠠᠯᠳᠤᠭᠤᠯᠵᠤ᠂ ᠬᠤᠪᠢᠰᠬᠠᠯᠲᠤ ᠨᠠᠮ ᠤᠨ ᠡᠭᠦᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠲᠡᠦᠬᠡ ᠰᠣᠶᠣᠯ ᠪᠣᠯᠤᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠯᠣᠣ ᠨᠢᠦ ᠫᠦᠸᠧ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠢ ᠪᠦᠬᠦ ᠤᠯᠤᠰ ᠤᠨ ᠲᠡᠷᠢᠭᠦᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠯᠣᠣ ᠨᠢᠦ ᠫᠦᠸᠧ ᠲᠣᠰᠬᠤᠨ᠂ ᠪᠸᠢ ᠪᠦᠦ ᠲᠣᠰᠬᠤᠨ ᠂ ᠳ᠋ᠦᠢ ᠵᠢᠦ ᠫᠢᠩ ᠲᠣᠰᠬᠤᠨ ᠢ ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃      ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠯᠣᠣ ᠨᠢᠦ ᠫᠦᠸᠧ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠵᠢᠴᠢ ᠪᠸᠢ ᠪᠦᠦ ᠰᠢᠶᠠᠩ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1