ᠠᠩᠬᠠᠷ︕ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠴᠠ 30 ᠮᠢᠨᠦ᠋ᠲ ᠤᠨ ᠡᠮᠦᠨ᠎ᠡ ᠲᠠᠮᠠᠬᠢ ᠲᠠᠲᠠᠵᠤ ᠪᠣᠯᠬᠤ ᠥᠬᠡᠶ
ᠨᠡᠶᠢᠲᠡᠯᠡᠭᠰᠡᠨ ᠴᠠᠭ᠄
2021/8/15

     ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠲᠤ ᠬᠦᠷᠴᠦ ᠥᠯᠢᠭᠡᠷ ᠠᠪᠴᠤ ᠰᠢᠯᠭᠠᠨ

ᠪᠠᠶᠢᠴᠠᠭᠠᠯᠳᠠ ᠬᠢᠬᠦ ᠳᠤ ᠶᠠᠭᠤ ᠠᠩᠬᠠᠷᠬᠤ ᠴᠢᠬᠤᠯᠠ ᠲᠠᠢ ᠪᠤᠢ︖

     ᠬᠤᠪᠢ ᠬᠥᠮᠦᠨ ᠤ ᠬᠦᠴᠦᠨ ᠪᠥᠬᠦᠶ ᠦᠨᠡᠮᠯᠡᠯ ᠢᠶᠠᠨ ᠠᠪᠴᠤ ᠤᠴᠢᠬᠤ ᠬᠡᠷᠡᠭᠲᠡᠶ︔

     ᠦᠯᠢᠭᠡᠷ ᠠᠪᠬᠤ ᠠᠴᠠ ᠡᠮᠦᠨ᠎ᠡ 30 ᠮᠢᠨᠦ᠋ᠲ ᠲᠤ ᠲᠠᠮᠠᠬᠢ ᠲᠠᠲᠠᠬᠤ᠂ ᠠᠷᠢᠬᠢ ᠤᠤᠭᠤᠬᠤ᠂ ᠪᠣᠬᠢ

ᠵᠠᠵᠢᠯᠬᠤ ᠵᠡᠷᠭᠡ ᠶᠢ ᠴᠡᠭᠡᠷᠯᠡᠬᠦ ᠬᠡᠷᠡᠭᠲᠡᠢ︔

     ᠰᠢᠯᠭᠠᠨ ᠪᠠᠶᠢᠴᠠᠭᠠᠬᠤ ᠦᠶ᠎ᠡ ᠳᠤ ᠰᠢᠯᠭᠠᠨ ᠪᠠᠶᠢᠴᠠᠭᠠᠭᠴᠢ ᠠᠮᠠᠪᠴᠢ ᠪᠠᠨ ᠵᠥᠪ ᠵᠡᠭᠦᠵᠦ᠂ ᠰᠢᠯᠭᠠᠨ

ᠪᠠᠶᠢᠴᠠᠭᠠᠬᠤ ᠠᠴᠠ ᠡᠮᠦᠨ᠎ᠡ ᠠᠮᠠᠪᠴᠢ ᠪᠠᠨ ᠠᠪᠴᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ

ᠬᠡᠷᠡᠭᠲᠡᠶ︔

     ᠰᠢᠯᠭᠠᠨ ᠪᠠᠶᠢᠴᠠᠭᠠᠬᠤ ᠶᠢ ᠬᠦᠯᠢᠶᠡᠬᠦ ᠦᠶᠡᠰ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠠᠩᠬᠠᠷᠴᠤ᠂

ᠪᠤᠰᠤᠳ ᠲᠠᠢ 1 ᠮᠧᠳ᠋ᠷ ᠠᠴᠠ ᠳᠡᠭᠡᠭᠰᠢᠬᠢ ᠵᠠᠶ ᠶᠢ ᠪᠠᠲᠤᠯᠠᠵᠤ᠂ ᠶᠠᠷᠢᠯᠴᠠᠬᠤ ᠥᠬᠡᠶ᠂ ᠴᠤᠭᠯᠠᠷᠠᠬᠤ ᠥᠬᠡᠶ ᠪᠠᠶᠢᠬᠤ

ᠬᠡᠷᠡᠭᠳᠠᠢ︔

     ᠲᠤᠬᠠᠶ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠣᠯᠭ᠎ᠠ ᠶᠢ ᠰᠣᠨᠣᠰᠴᠤ᠂ ᠮᠡᠷᠭᠡᠨ ᠴᠤᠬᠤᠷ ᠰᠢᠷᠪᠢᠬᠦ᠂

ᠳᠠᠩᠰᠠᠯᠠᠬᠤ᠂ ᠥᠯᠢᠭᠡᠷ ᠠᠪᠬᠤ ᠵᠡᠷᠭᠡ ᠠᠵᠢᠯ ᠤᠨ ᠶᠠᠪᠤᠴᠠ ᠶᠢ ᠡᠮᠬᠢ ᠵᠢᠷᠤᠮ ᠲᠠᠢ ᠪᠡᠶᠡᠯᠡᠬᠦᠯᠬᠦ ᠬᠡᠷᠡᠭᠳᠠᠢ︔

     ᠬᠠᠮᠠᠷ ᠤᠨ ᠬᠦᠨᠳᠡᠢ ᠪᠠᠷ ᠦᠯᠢᠬᠡᠷ ᠭᠡᠪ ᠠᠪᠬᠤ ᠦᠶᠡᠰ ᠪᠠᠭ᠎ᠠ ᠬᠡᠮᠵᠢᠶᠡᠨ ᠤ ᠴᠢᠰᠤ ᠭᠠᠷᠴᠤ ᠮᠡᠳᠡᠨ᠎ᠡ᠂

ᠶᠡᠷᠦ ᠳᠡᠭᠡᠨ ᠣᠨᠴᠠᠭᠠᠢ ᠰᠢᠢᠳᠪᠦᠷᠢᠯᠡᠯᠲᠡ ᠬᠢᠬᠦ ᠴᠢᠬᠤᠯᠠ ᠦᠭᠡᠢ᠂ ᠬᠡᠷᠪᠡ ᠴᠢᠰᠤ ᠶᠡᠭᠡ ᠭᠠᠷᠤᠭᠰᠠᠨ ᠪᠠᠶᠢᠪᠠᠯ ᠴᠠᠭ

ᠲᠤᠬᠠᠢ ᠳᠤᠨᠢ ᠡᠮᠨᠡᠯᠭᠡ ᠳᠤ ᠬᠦᠷᠴᠦ ᠰᠢᠢᠳᠪᠦᠷᠢᠯᠡᠭᠡᠷᠡᠢ᠃

     ᠬᠠᠮᠤᠭ ᠰᠡᠭᠦᠯ ᠳᠤ ᠰᠠᠨᠠᠭᠤᠯᠬᠤ ᠨᠢ᠂ ᠬᠡᠷᠪᠡ ᠲᠤᠬᠠᠶ ᠶᠢᠨ ᠡᠳᠦᠷ ᠰᠢᠨ᠎ᠡ ᠲᠢᠲᠢᠮᠯᠢᠭ ᠸᠢᠷᠦ᠋ᠰ ᠤᠨ

ᠸᠠᠺᠼᠢᠨ ᠢ ᠳᠠᠷᠢᠪᠠᠯ᠂ 24 ᠴᠠᠭ ᠤᠨ ᠳᠠᠷᠠᠭ᠎ᠠ ᠰᠠᠶ᠋ᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ

ᠪᠣᠯᠤᠨ᠎ᠠ᠃

 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1