2021 ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠨᠠᠷᠠᠲᠤ ᠲᠦᠷᠦᠯ ᠲᠡᠮᠳᠡᠭ ᠢ ᠳᠡᠯᠭᠡᠷᠡᠭᠦᠯᠬᠦ | ᠬᠤᠷᠠᠯ ᠲᠦᠷᠦᠬᠦᠬᠡᠨ ᠴᠢᠩᠳᠣᠤ ᠬᠤᠳᠠ ᠳᠤ ᠦᠨᠳᠤᠷᠯᠡᠵᠤ᠂ ᠬᠠᠮᠢᠶ᠎ᠠ ᠪᠦᠬᠦᠢ ᠰᠢᠯᠭᠠᠷᠠᠭᠤᠯᠤᠯᠳᠠ ᠶᠢᠨ ᠦᠷ᠎ᠠ | ᠳ᠋ᠦᠩ ᠢ ᠨᠡᠶᠢᠳᠡᠯᠡᠭᠰᠡᠨ ᠪᠠᠶᠢᠨ᠎ᠠ᠃ ᠡᠬᠦᠨ ᠳᠤ ᠬᠥᠬᠡᠬᠤᠲᠠ ᠪᠤᠯᠤᠨ ᠬᠦᠬᠡᠬᠤᠳᠠ ᠶᠢᠨ ᠰᠢᠨ᠎ᠠ ᠬᠤᠳᠠ | ᠲᠤᠭᠤᠷᠢᠭ ᠤᠨ ᠪᠤᠷᠤᠬᠤᠰᠢᠭᠤ ᠪᠠᠯᠭᠠᠰᠤᠨ ᠤ ᠤᠪᠤᠭ᠎ᠠ ᠲᠤᠰᠬᠤᠨ ᠰᠢᠯᠭᠠᠷᠠᠭᠤᠯᠤᠯᠲᠠ ᠳᠤ ᠣᠷᠣᠯᠴᠠᠭᠰᠠᠨ ᠪᠥᠬᠦ | ᠤᠯᠤᠰ ᠤᠨ 50 ᠭᠠᠷᠤᠶ ᠨᠢᠭᠡᠴᠢ ᠶᠢᠨ ᠳᠣᠲᠣᠷ᠎ᠠ ᠠᠴᠠ ᠴᠣᠯᠭᠤᠷᠠᠨ ᠭᠠᠷᠴᠤ᠂ ᠲᠤᠰᠪᠦᠷᠢ ︽ᠳᠤᠮᠳᠠᠳᠤ | ᠤᠯᠤᠰ ᠤᠨ ᠬᠠᠮᠤᠭ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠬᠤᠲᠠ︾ ᠪᠠ ︽ᠳᠤᠮᠳᠠᠳᠤ ᠤᠯᠤᠰ ᠤᠨ | ᠬᠠᠮᠤᠭ ᠤᠨ ᠭᠤᠶᠣ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠬᠠᠷᠠᠯᠳᠠᠳᠤ ᠭᠠᠵᠠᠷ︾ ᠤᠨ ᠲᠣᠮᠣ | ᠱᠠᠩᠨᠠᠯ ᠢ ᠭᠥᠷᠳᠡᠪᠡ᠃ | 2021 ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠨᠠᠷᠠᠲᠤ ᠲᠦᠷᠦᠯ ᠲᠡᠮᠳᠡᠭ ᠢ ᠳᠡᠯᠭᠡᠷᠡᠭᠦᠯᠬᠦ | ᠬᠤᠷᠠᠯ ᠢ ᠳᠤᠮᠳᠠᠳᠤ ᠤᠯᠤᠰ ᠤᠨ ᠠᠽᠢᠶ᠎ᠠ ᠲᠢᠪ ᠤᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮᠯᠢᠭ ᠤᠨ | ᠰᠡᠯᠡᠭᠦᠴᠡᠯ ᠤᠨ ᠠᠵᠤ ᠦᠢᠯᠡᠰ ᠢ ᠠᠬᠢᠭᠤᠯᠬᠤ ᠵᠥᠪᠯᠡᠯ᠂ ᠳᠤᠮᠳᠠᠳᠤ ᠤᠯᠤᠰ ᠤᠨ ᠬᠤᠪᠢᠰᠬᠠᠯ ᠤᠨ ᠰᠣᠶᠣᠯ | ᠰᠤᠳᠤᠯᠭᠠᠨ ᠤ ᠨᠡᠶᠢᠭᠡᠮᠯᠢᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯ ᠤᠨ ᠵᠥᠪᠯᠡᠯ ᠬᠠᠮᠲᠤᠷᠠᠨ | ᠡᠷᠬᠢᠯᠡᠪᠡ᠃ ᠬᠤᠷᠠᠯ ᠳᠡᠭᠡᠷ᠎ᠡ᠂ ᠬᠥᠬᠡᠬᠤᠲᠠ ︽ᠦᠵᠡᠰᠬᠦᠯᠡᠩᠲᠦ ᠰᠠᠶᠢᠬᠠᠨ ᠬᠥᠬᠡᠬᠤᠲᠠ ᠲᠠᠯ᠎ᠠ ᠨᠤᠲᠤᠭ ᠤᠨ | ᠬᠤᠳᠠ︾ ᠶᠢᠨ ᠤᠨᠴᠠᠯᠢᠬᠳᠤ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠲᠣᠭᠤᠷᠢᠨ ᠳᠤ᠂ ᠵᠣᠣ ᠵᠢᠶᠦ᠋ᠨ | ᠰᠣᠶᠣᠯ ᠤᠨ ᠨᠠᠶᠢᠷ ᠢᠶᠠᠷ ᠭᠤᠤᠯ ᠪᠤᠯᠭᠠᠨ ᠬᠥᠬᠡᠬᠤᠲᠠ ᠶᠢᠨ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ | ᠨᠠᠷᠢᠨ ᠰᠠᠶᠢᠬᠠᠨ ᠲᠠᠨᠢᠯᠴᠠᠭᠤᠯᠵᠦ ᠬᠤᠷᠠᠯ ᠤᠨ ᠠᠬᠤᠢ ᠳᠠᠯᠠᠪᠠᠢ ᠳᠤ ᠪᠠᠶᠢᠭᠰᠠᠨ ᠤᠳᠤᠷᠢᠳᠤᠯᠭ᠎ᠠ ᠪᠠ | ᠵᠢᠭᠤᠯᠴᠢᠯᠠᠯ ᠤᠨ ᠡᠲᠡᠭᠡᠳ ᠤᠨ ᠬᠢᠨ ᠤ ᠬᠠᠮᠲᠤ ᠶᠢᠨ ᠨᠤᠲᠠᠯᠠᠯᠲᠠ ᠶᠢ ᠣᠯᠵᠠᠢ᠃ ᠠᠬᠤᠢ ᠲᠠᠯᠠᠪᠠᠢ ᠳᠤ ᠪᠠᠰᠠ | 100 ᠭᠠᠷᠤᠢ ᠬᠤᠪᠢ ᠠᠳᠠᠯᠢ ᠪᠤᠰᠤ ᠲᠦᠷᠦᠯ ᠤᠨ ᠤᠬᠠᠭᠤᠯᠭ᠎ᠠ ᠶᠢᠨ ᠡᠳ᠋ ᠪᠣᠳᠠᠰ ᠲᠠᠷᠬᠠᠭᠠᠵᠤ᠂ | ᠬᠥᠬᠡᠬᠤᠲᠠ ᠶᠢᠨ ᠰᠤᠶᠤᠯ ᠵᠢᠭᠤᠯᠴᠢᠯᠠᠯ ᠤᠨ ᠪᠠᠶᠢᠳᠠᠯ ᠢ ᠪᠦᠬᠦ ᠲᠠᠯ᠎ᠠ ᠪᠠᠷ ᠲᠠᠨᠢᠯᠴᠠᠭᠤᠯᠤᠭᠰᠠᠨ ᠪᠠᠶᠢᠨ᠎ᠠ᠃ | |