ᠶᠣᠣ ᠭᠧᠤ ᠰᠢᠶᠠᠩ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠵᠢᠴᠢ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/21
     2022 ᠣᠨ ᠤ 1 ᠰᠠᠷ᠎ᠠ ᠶᠢᠨ 18 ᠤ ᠦᠳᠡ ᠶᠢᠨ ᠡᠮᠦᠨ᠎ᠡ᠂ ᠶᠣᠣ ᠭᠸᠤ ᠰᠢᠶᠠᠩ ᠤᠨ ᠬᠢᠨ ᠨᠠᠮ ᠤᠨ ᠬᠤᠷᠢᠶᠠᠨ ᠤ ᠤᠨᠤᠯ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠠᠴᠠ ᠡᠮᠦᠨ᠎ᠡ ᠰᠤᠳᠤᠯᠤᠨ ᠶᠠᠷᠢᠯᠴᠠᠪᠠ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠪᠦᠷᠢᠯᠳᠦᠬᠦᠨ ᠨᠡᠷ ᠬᠤᠷᠠᠯ ᠳᠤ ᠣᠷᠣᠯᠴᠠᠪᠠ᠃ ᠬᠤᠷᠠᠯ ᠢ ᠰᠢᠶᠠᠩ ᠤᠨ ᠨᠠᠮ ᠤᠨ ᠬᠤᠷᠢᠶᠠᠨ ᠤ ᠱᠦᠵᠢ ᠴᠢᠶᠣᠤ ᡁᠢ ᠶᠦᠩ ᠡᠷᠭᠢᠯᠡᠵᠡᠶ᠃    
     ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠱᠦᠵᠢ ᠴᠢᠶᠣᠤ ᡁᠢ ᠶᠦᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠠᠢ ᠤᠶᠠᠯᠳᠤᠭᠤᠯᠤᠨ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠪᠣᠯᠤᠨ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠤᠯᠠᠮᠵᠢᠯᠠᠨ ᠰᠤᠷᠤᠯᠴᠠᠵᠤ᠂ ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠼᠦᠢ ᠮᠧᠢ ᠯᠢᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ᠢ ᠳᠠᠭᠠᠭᠤᠯᠤᠨ ᠰᠤᠷᠤᠯᠴᠠᠵᠤ᠂ ᠰᠢᠶᠠᠩ ᠤᠨ ᠳᠡᠳ᠋ ᠳᠠᠷᠤᠭ᠎ᠠ ᠷᠧᠨ ᠯᠢᠶᠠᠩ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠴᠢᠬᠤᠯᠠ ᠶᠠᠷᠢᠶ᠎ᠠ︾ ᠶᠢ ᠳᠠᠭᠠᠭᠤᠯᠤᠨ ᠰᠤᠷᠤᠯᠴᠠᠵᠠᠢ᠃ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠪᠣᠯᠤᠨ ᠰᠤᠷᠤᠯᠴᠠᠯᠭ᠎ᠠ ᠶᠢᠨ ᠠᠭᠤᠯᠭ᠎ᠠ ᠶᠢᠨ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    
     ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠢᠰᠲ᠋ᠧᠮ ᠲᠠᠢ ᠤᠢᠢᠯᠠᠭᠠᠨ᠂ ᠭᠦᠨᠵᠡᠭᠡᠢ ᠣᠶᠢᠯᠠᠭᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠰᠢᠶᠠᠩ ᠤᠨ ᠦᠵᠡᠯ ᠰᠠᠨᠠᠭᠠᠨ ᠤ ᠠᠵᠢᠯ ᠢ ᠭᠦᠨ ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠪᠦᠬᠦ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠡᠷᠡᠰ ᠪᠠᠲᠤ ᠬᠦᠷᠢᠶᠡᠯᠡᠭᠴᠢ᠂ ᠢᠳᠡᠪᠬᠢᠲᠡᠢ ᠤᠬᠠᠭᠤᠯᠤᠭᠴᠢ᠂ ᠤᠬᠠᠮᠰᠠᠷ ᠠᠴᠠ ᠪᠠᠨ ᠦᠢᠯᠡᠳᠦᠯᠭᠡᠵᠢᠭᠦᠯᠦᠭᠴᠢ ᠪᠠ ᠬᠦᠴᠦᠲᠡᠢ ᠠᠬᠢᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃    
     ᠰᠤᠷᠤᠯᠴᠠᠯᠭ᠎ᠠ ᠶᠢᠨ ᠬᠤᠷᠠᠯ ᠲᠡᠭᠦᠰᠦᠭᠰᠡᠨ ᠤ ᠲᠠᠷᠠᠭ᠎ᠠ᠂ ᠰᠢᠶᠠᠩ ᠤᠨ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠲᠤᠬᠠᠢ ᠬᠤᠷᠠᠯ ᠤᠨ ᠡᠮᠦᠨᠡᠬᠢ ᠰᠤᠳᠤᠯᠤᠨ ᠶᠠᠷᠢᠯᠴᠠᠭ᠎ᠠ ᠬᠢᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1