ᠴᠢᠩᠭ᠎ᠠ ᠰᠡᠷᠭᠡᠢᠯᠡᠵᠦ ᠦᠬᠦᠨ ᠰᠠᠬᠢᠨ᠎ᠠ︕  ᠲᠥᠪ ᠬᠤᠲᠠ ᠶᠢᠨ ︽ᠡᠮᠦᠨ᠎ᠡ ᠶᠡᠭᠡ ᠡᠭᠦᠳᠡ︾ ᠶᠢᠨ ︽ᠡᠭᠦᠳᠡ ᠰᠠᠬᠢᠭᠴᠢ︾ ᠪᠣᠯᠬᠤ ᠬᠡᠷᠡᠭᠲᠡᠢ
ᠨᠡᠶᠢᠲᠡᠯᠡᠭᠰᠡᠨ ᠴᠠᠭ᠄
2022/10/13
     ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠢ ᠬᠠᠷᠢᠭᠤᠴᠠᠯᠭ᠎ᠠ ᠮᠥᠨ᠃10 ᠳ᠋ᠤᠭᠠᠷ ᠰᠠᠷ᠎ᠠ ᠶᠢᠨ 10 ᠤ ᠡᠳᠦᠷ᠂ ᠴᠢᠩ ᠱᠦᠢ ᠾᠧ ᠰᠢᠶᠠᠨ ᠤ  ᠵᠢᠦ ᠼᠠᠢ ᠵᠤᠸᠠᠩ ᠰᠢᠶᠠᠩ ᠤᠨ ᠱᠢ ᠴᠢ ᠭᠧᠦ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ ᠲᠤ᠂ ᠪᠠᠶᠢᠴᠠᠭᠠᠨ ᠰᠢᠯᠭᠠᠬᠤ ᠠᠵᠢᠯᠲᠠᠨ ᠶᠠᠭ ᠡᠮᠬᠢ ᠵᠠᠮᠪᠠᠷᠠᠭ᠎ᠠ ᠲᠠᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠶᠢ ᠦᠨᠳᠦᠰᠦᠯᠡᠨ᠂ ᠬᠥᠬᠡ ᠬᠤᠲᠠ ᠶᠢᠨ ᠨᠣᠮᠧᠷ ᠢ ᠪᠠᠶᠢᠴᠠᠭᠠᠨ ᠰᠢᠯᠭᠠᠵᠤ᠂ ᠳᠤᠯᠠᠭᠠᠨ ᠤ ᠬᠡᠮᠵᠢᠶ᠎ᠡ ᠶᠢ ᠬᠡᠮᠵᠢᠨ᠂ ᠠᠷᠢᠭᠤᠳᠬᠠᠵᠤ ᠪᠠᠶᠢᠯ᠎ᠠ ᠁ ᠨᠠᠰᠢ ᠴᠠᠰᠢ ᠥᠩᠭᠡᠷᠡᠬᠦ ᠲᠡᠷᠭᠡ ᠶᠢ ᠪᠠᠶᠢᠴᠠᠭᠠᠨ ᠰᠢᠯᠭᠠᠵᠤ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠪᠠ᠃
     ᠬᠥᠬᠡᠬᠤᠲᠠ ᠶᠢᠨ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠰᠢᠶᠠᠨ ᠤ ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠣᠯᠣᠨ ᠵᠢᠦ ᠼᠠᠢ ᠵᠤᠸᠠᠩ ᠰᠢᠶᠠᠩ ᠠᠵᠢᠯᠲᠠᠳ ᠢᠶᠠᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠱᠢ ᠴᠢ ᠭᠧᠦ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠰᠢᠯᠭᠠᠬᠤ ᠴᠡᠭ ᠢ ᠪᠠᠲᠤ ᠰᠠᠬᠢᠵᠤ᠂ ᠨᠠᠰᠢ ᠴᠠᠰᠢ ᠶᠠᠪᠤᠬᠤ ᠲᠡᠷᠭᠡ ᠶᠢ ᠪᠠᠶᠢᠴᠠᠭᠠᠨ ᠰᠢᠯᠭᠠᠪᠠ᠃      ᠵᠠᠮ ᠬᠠᠷᠢᠯᠴᠠᠭᠠᠨ ᠤ ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠪᠣᠯᠬᠤ ᠪᠥᠭᠡᠳ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠠᠩᠬᠠᠨ ᠤ ᠪᠣᠭᠤᠮᠲᠠ ᠪᠣᠯᠣᠨ᠎ᠠ᠃ᠣᠶᠢᠷ᠎ᠠ ᠶᠢᠨ ᠬᠤᠭᠤᠴᠠᠭᠠᠨ ᠤ ᠠᠭᠠᠷ ᠤᠨ ᠳᠤᠯᠠᠭᠠᠨ ᠭᠡᠨᠡᠳᠲᠡ ᠪᠠᠭᠤᠷᠠᠬᠤ ᠶᠢ ᠳᠠᠭᠠᠯᠳᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠰᠠ ᠰᠢᠨ᠎ᠡ ᠥᠷᠢᠰᠦᠯᠳᠦᠭᠡᠨ ᠠᠪᠴᠢᠷᠠᠵᠤ᠂ ᠪᠠᠶᠢᠴᠠᠭᠠᠨ ᠰᠢᠯᠭᠠᠬᠤ ᠴᠡᠭ ᠤᠨ ᠠᠵᠢᠯᠲᠠᠳ ᠬᠦᠢᠲᠡᠨ ᠰᠠᠯᠬᠢᠨ ᠳᠤᠮᠳᠠ ᠴᠢᠩ ᠱᠦᠢ ᠾᠧ ᠰᠢᠶᠠᠨ ᠳᠤ ᠣᠷᠣᠬᠤ ᠮᠠᠰᠢᠨ ᠲᠡᠷᠭᠡ ᠶᠢ ᠨᠢᠭᠡᠳ ᠨᠢᠭᠡ ᠪᠠᠷ ᠪᠠᠶᠢᠴᠠᠭᠠᠵᠤ᠂ ᠬᠦᠯᠢᠴᠡᠩᠭᠦᠢ ᠪᠠᠷ ᠲᠠᠶᠢᠯᠪᠤᠷᠢᠯᠠᠨ ᠰᠠᠨᠠᠭᠤᠯᠵᠤ᠂ ︽ᠲᠡᠮᠦᠷ︾ ᠮᠡᠲᠦ ᠵᠣᠷᠢᠭ ᠰᠠᠨᠠᠭ᠎ᠠ ᠪᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠡᠳᠦᠷ ᠰᠥᠨᠢ ᠦᠭᠡᠢ ᠡᠷᠡᠯᠬᠡᠭᠯᠡᠨ ᠠᠵᠢᠯᠯᠠᠵᠤ᠂ ᠣᠷᠣᠵᠤ ᠢᠷᠡᠬᠦ ᠶᠢ ᠴᠢᠩᠭ᠎ᠠ ᠰᠡᠷᠭᠡᠶᠢᠯᠡᠨ᠂ ᠣᠷᠣᠨ ᠤ ᠲᠥᠪ ᠤᠨ ︽ᠡᠮᠦᠨ᠎ᠡ ᠶᠡᠭᠡ ᠡᠭᠦᠳᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1