ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠰᠢᠨ᠎ᠡ ᠠᠷᠪᠠᠨ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠮᠠᠨ ᠤ ᠣᠷᠣᠨ ᠤ ︽ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠤᠯᠠᠮ ᠴᠢᠨᠠᠭᠰᠢᠳᠠ ᠰᠢᠯᠢᠳᠡᠭᠵᠢᠭᠦᠯᠬᠦ ᠲᠤᠬᠠᠢ ᠮᠡᠳᠡᠭᠳᠡᠯ︾ ᠢ ᠲᠣᠭᠲᠠᠭᠠᠪᠠ᠃ ᠤᠯᠠᠨ ᠲᠦᠮᠡᠨ ᠤ ᠠᠩᠬᠠᠷᠴᠤ | ᠪᠠᠶᠢᠭ᠎ᠠ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ 12 ᠰᠠᠷ᠎ᠠ ᠶᠢᠨ 9 ᠤ ᠡᠳᠦᠷ᠂ ᠰᠤᠷᠪᠤᠯᠵᠢᠯᠠᠬᠴᠢ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠭᠢᠯᠡᠭᠴᠢ ᠰᠢᠦᠢ ᠬᠤᠩ ᡁᠢ ᠶᠢ ᠰᠤᠷᠪᠤᠯᠵᠢᠯᠠᠪᠠ᠃ | ᠰᠢᠦᠢ ᠬᠤᠩ ᡁᠢ᠂ ᠮᠠᠨ ᠤ ᠣᠷᠣᠨ ᠤ ᠲᠣᠭᠲᠠᠭᠠᠭᠰᠠᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠬᠦ ᠲᠤᠬᠠᠢ | ᠮᠡᠳᠡᠭᠳᠡᠯ︾ ᠳᠤ᠂ ᠨᠢᠭᠡ ᠲᠠᠯ᠎ᠠ ᠪᠠᠷ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢᠨ᠎ᠡ ᠠᠷᠪᠠᠨ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠬᠡᠷᠡᠭᠵᠢᠭᠦᠯᠵᠦ᠂ ᠲᠡᠷᠡ ᠶᠣᠰᠣᠭᠠᠷ ᠨᠢ ᠬᠢᠵᠦ᠂ ᠭᠡᠯᠪᠡᠷᠢ ᠶᠢ ᠨᠢ ᠥᠭᠡᠷᠡᠲᠦᠭᠦᠯᠬᠦ ᠦᠭᠡᠢ ᠪᠠᠶᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ︔ ᠨᠥᠭᠦᠭᠡ ᠲᠠᠯ᠎ᠠ ᠪᠠᠷ ᠮᠠᠨ ᠤ ᠣᠷᠣᠨ ᠲᠥᠷᠥ ᠶᠢᠨ | ᠶᠠᠪᠤᠳᠠᠯ ᠤᠨ ᠬᠤᠷᠢᠶᠠᠨ ᠤ ᠰᠢᠨ᠎ᠡ ᠠᠷᠪᠠᠨ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠰᠠᠭᠤᠷᠢᠨ | ᠳᠡᠭᠡᠷ᠎ᠡ᠂ ᠪᠠᠰᠠ 14 ᠲᠠᠯ᠎ᠠ ᠪᠠᠷ ᠨᠠᠷᠢᠯᠢᠭᠵᠢᠭᠤᠯᠵᠤ᠂ ᠲᠠᠰᠤᠷᠠᠯᠲᠠ ᠦᠭᠡᠢ ᠰᠢᠯᠢᠳᠡᠭᠵᠢᠭᠰᠡᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ | ᠨᠠᠩ ᠨᠠᠷᠢᠯᠢᠭ ᠣᠨᠣᠪᠴᠢᠲᠠᠶ ᠪᠣᠯᠭᠠᠵᠠᠢ ᠭᠡᠵᠦ ᠲᠠᠨᠢᠯᠴᠠᠭᠤᠯᠤᠯ᠎ᠠ᠃ | ᠰᠢᠦᠢ ᠬᠤᠩ ᡁᠢ᠂ ᠭᠦᠭᠡᠬᠤᠲᠠ ᠶᠢᠨ ᠡᠮᠨᠡᠨ ᠵᠠᠰᠠᠭᠰᠠᠨ ᠡᠪᠡᠳᠴᠢᠨ ᠤ ᠵᠢᠱᠢᠶ᠎ᠡ ᠳᠤ 99% ᠠᠴᠠ | ᠳᠡᠭᠡᠭᠰᠢᠬᠢ ᠨᠢ ᠴᠥᠮ ᠡᠪᠡᠳᠴᠢᠨ ᠤ ᠢᠯᠡᠷᠡᠯ ᠦᠭᠡᠢ ᠪᠠ ᠬᠥᠩᠭᠡᠨ ᠡᠪᠡᠳᠴᠢᠲᠡᠨ ᠪᠠᠶᠢᠵᠤ᠂ ᠬᠦᠨᠳᠦ ᠡᠪᠡᠳᠴᠢᠲᠡᠨ | ᠪᠠ ᠬᠦᠨᠳᠦ ᠲᠦᠭᠰᠢᠭᠦᠷᠢᠲᠡᠢ ᠡᠪᠡᠳᠴᠢᠲᠡᠨ ᠨᠢ 1% ᠳᠤ ᠬᠦᠷᠬᠦ ᠦᠭᠡᠢ᠂ ᠪᠦᠷᠢᠮᠦᠰᠦᠨ ᠰᠡᠷᠭᠡᠶᠢᠯᠡᠵᠦ ᠪᠤᠯᠬᠤ | ᠪᠥᠭᠡᠳ ᠵᠠᠰᠠᠵᠤ ᠴᠤ ᠳᠡᠶᠢᠯᠤᠨ᠎ᠠ᠂ ᠣᠯᠠᠨ ᠲᠦᠮᠡᠨ ᠳᠡᠩᠳᠡᠭᠦᠦ ᠪᠠᠴᠢᠮᠳᠠᠭᠰᠠᠨ ᠤ ᠬᠡᠷᠡᠭ ᠦᠭᠡᠢ᠃ ᠮᠠᠨ ᠤ | ᠣᠷᠣᠨ ᠤ ᠳᠠᠷᠤᠮᠠᠯᠯᠠᠨ ᠲᠠᠷᠬᠠᠭᠠᠭᠰᠠᠨ ︽ᠮᠡᠳᠡᠭᠳᠡᠯ︾ ᠳᠤ ᠪᠠᠰᠠ᠂ ᠬᠦᠨᠳᠦ ᠡᠪᠡᠳᠴᠢᠨ ᠡᠭᠦᠰᠬᠡᠵᠦ ᠮᠡᠳᠡᠭᠦ | ᠵᠢᠷᠭᠤᠭᠠᠨ ᠲᠥᠷᠥᠯ ᠤᠨ ᠰᠠᠭᠤᠷᠢ ᠡᠪᠡᠳᠴᠢᠨ ᠲᠠᠢ ᠬᠥᠮᠥᠰ ᠲᠤ ᠡᠯ᠎ᠡ ᠭᠠᠵᠠᠷ ᠣᠷᠣᠨ ᠤ ᠬᠢᠨ ᠡᠯ᠎ᠡ ᠵᠦᠢᠯ ᠤᠨ | ᠡᠬᠢ ᠪᠠᠶᠠᠯᠢᠭ ᠢ ᠠᠰᠢᠭᠯᠠᠬᠤ ᠬᠡᠷᠡᠭᠲᠡᠢ᠂ ᠵᠢᠱᠢᠶᠡᠯᠡᠪᠡᠯ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ | ᠪᠠᠶᠢᠭᠤᠯᠬᠤ᠂ ᠨᠡᠶᠢᠭᠡᠮ ᠲᠣᠭᠤᠷᠢᠭ ᠤᠨ ᠬᠢᠨ ᠡᠷᠦᠭᠡ ᠳᠤ ᠬᠦᠷᠴᠦ ᠪᠠᠶᠢᠴᠠᠭᠠᠨ ᠣᠶᠢᠯᠠᠭᠠᠵᠤ᠂ ᠵᠢᠷᠭᠤᠭᠠᠨ | ᠲᠥᠷᠥᠯ ᠤᠨ ᠬᠥᠮᠥᠰ ᠢ ᠪᠦᠷᠢᠳᠬᠡᠨ ᠭᠠᠷᠭᠠᠵᠤ᠂ ᠡᠬᠡ ᠲᠠᠩᠰᠠ ᠪᠠᠶᠢᠭᠤᠯᠤᠨ᠂ ᠤᠷᠢᠳᠴᠢᠯᠠᠨ ᠬᠠᠮᠢᠶᠠᠷᠬᠤ | ᠬᠡᠪᠴᠢᠶᠡᠨ ᠳᠤ ᠣᠷᠣᠭᠤᠯᠵᠤ᠂ ᠬᠦᠨᠳᠦ ᠡᠪᠡᠳᠴᠢᠨ ᠡᠭᠦᠰᠭᠦ ᠶᠢ ᠰᠡᠷᠭᠡᠶᠢᠯᠡᠬᠦ ᠬᠡᠷᠡᠭᠲᠡᠢ ᠭᠡᠵᠦ ᠢᠯᠡᠳᠬᠡᠪᠡ᠃ | ︽ᠡᠭᠦᠨ ᠤ ᠬᠠᠮᠲᠤ᠂ ᠸᠠᠺᠼᠢᠨ ᠳᠠᠷᠢᠪᠠᠯ ᠬᠠᠯᠳᠠᠪᠤᠷᠢᠯᠠᠯ ᠪᠠ ᠡᠪᠡᠳᠴᠢᠨ ᠡᠭᠦᠰᠭᠦ ᠲᠦᠭᠰᠢᠭᠦᠷᠢ ᠶᠢ | ᠪᠠᠭᠤᠷᠠᠭᠤᠯᠵᠤ ᠴᠢᠳᠠᠬᠤ ᠪᠠᠷ ᠪᠠᠷᠠᠬᠤ ᠦᠭᠡᠢ᠂ ᠢᠯᠠᠩᠭᠤᠶ᠎ᠠ ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ | ᠪᠠ ᠦᠬᠦᠯ ᠤᠨ ᠲᠦᠭᠰᠢᠭᠦᠷᠢ ᠶᠢ ᠢᠯᠡᠳᠲᠡ ᠪᠠᠭᠤᠷᠠᠭᠤᠯᠵᠤ ᠴᠢᠳᠠᠨ᠎ᠠ︾᠃ ᠰᠢᠦᠢ ᠬᠤᠩ ᡁᠢ᠂ ᠲᠠᠷᠢᠯᠭ᠎ᠠ ᠬᠢᠬᠦ | ᠨᠥᠬᠦᠴᠡᠯ ᠳᠤ ᠨᠡᠶᠢᠴᠡᠭᠦ 60 ᠨᠠᠰᠤᠨ ᠠᠴᠠ ᠳᠡᠭᠡᠭᠰᠢᠬᠢ ᠬᠥᠮᠥᠰ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠳᠠᠷᠤᠢ ᠲᠦᠷᠭᠡᠨ ᠸᠠᠺᠼᠢᠨ ᠳᠠᠷᠢᠵᠤ᠂ ᠰᠠᠭᠤᠷᠢ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭ᠎ᠠ | ᠡᠷᠲᠡᠬᠡᠨ ᠴᠢᠩᠭᠠᠳᠬᠠᠬᠤ ᠲᠠᠷᠢᠯᠭ᠎ᠠ ᠶᠢ ᠳᠠᠷᠢᠵᠥ᠂ ᠡᠭᠡᠯᠢᠯᠡᠭᠡ ᠶᠢᠨ ᠴᠢᠳᠠᠪᠤᠷᠢ ᠪᠠᠨ ᠬᠠᠮᠤᠭ ᠤᠨ ᠶᠡᠭᠡ ᠬᠡᠮᠵᠢᠶ᠎ᠡ ᠪᠠᠷ | ᠳᠡᠭᠡᠭᠰᠢᠯᠡᠭᠦᠯᠭᠦ ᠬᠡᠷᠡᠭᠲᠡᠢ ᠭᠡᠵᠦ ᠤᠷᠢᠶᠠᠯᠠᠪᠠ᠃ | ᠥᠩᠭᠡᠷᠡᠭᠰᠡᠨ ᠤ ᠣᠯᠠᠨ ᠲᠦᠮᠡᠨ ᠤ ᠡᠮ ᠬᠤᠳᠠᠯᠳᠤᠨ ᠠᠪᠬᠤ ᠳᠤ ᠳᠥᠭᠦᠮ ᠦᠭᠡᠢ ᠪᠠᠶᠢᠬᠤ ᠵᠡᠷᠭᠡ | ᠠᠰᠠᠭᠤᠳᠠᠯ ᠳᠤ ᠴᠢᠭᠯᠡᠭᠦᠯᠦᠨ ᠰᠢᠦᠢ ᠬᠤᠩ ᡁᠢ᠂ ᠮᠠᠨ ᠤ ᠣᠷᠣᠨ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ | ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ᠂ ᠲᠠᠭᠰᠢᠭᠤᠷ ᠢ ᠵᠠᠰᠠᠬᠤ ︽ᠳᠥᠷᠪᠡᠨ ᠲᠥᠷᠥᠯ ᠤᠨ ᠡᠮ ᠤᠨ ᠵᠦᠢᠯ︾ | ᠢ ᠬᠤᠳᠠᠯᠳᠤᠨ ᠠᠪᠬᠤ ᠬᠢᠵᠠᠭᠠᠷᠯᠠᠯ ᠢ ᠴᠢᠯᠦᠭᠡᠲᠡᠢ ᠪᠤᠯᠭᠠᠵᠤ᠂ ᠦᠨᠡᠨ ᠨᠡᠷ᠎ᠡ ᠪᠠᠷ ᠳᠠᠩᠰᠠᠯᠠᠭᠤᠯᠬᠤ ᠴᠢᠬᠤᠯᠠ ᠦᠭᠡᠢ | ᠪᠣᠯᠭᠠᠨ᠂ ᠡᠮ ᠬᠤᠳᠠᠯᠳᠤᠨ ᠠᠪᠬᠤ ᠶᠢ ᠬᠡᠪ ᠤᠨ ᠪᠤᠯᠭᠠᠵᠤ᠂ ᠠᠷᠠᠳ ᠣᠯᠠᠨ ᠳᠤ ᠲᠥᠭᠦᠮ ᠦᠵᠡᠭᠦᠯᠵᠦ ᠪᠤᠢ ᠭᠡᠵᠦ | ᠢᠯᠡᠳᠬᠡᠪᠡ᠃ | ︽ᠮᠠᠨ ᠤ ᠣᠷᠣᠨ ᠪᠥᠭᠡᠮ ᠬᠦᠴᠢᠯ ᠢ ᠪᠠᠶᠢᠴᠠᠭᠠᠬᠤ ᠳᠤ ᠶᠡᠷᠦᠩᠬᠡᠢ ᠳᠤᠨᠢ ᠴᠢᠯᠦᠭᠡᠲᠡᠢ ᠪᠤᠯᠭᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ | ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠣᠨᠴᠠᠭᠠᠶ | ᠲᠠᠯᠠᠪᠤᠷ ᠠᠴᠠ ᠭᠠᠳᠠᠨ᠎ᠠ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠬᠤ ᠦᠭᠡᠢ᠂ | ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠳᠠᠭᠢᠵᠤ ᠪᠠᠶᠢᠴᠠᠭᠠᠬᠤ ᠦᠭᠡᠢ ᠪᠣᠯᠪᠠ᠃ ᠡᠭᠦᠨ ᠤ ᠬᠠᠮᠲᠤ᠂ | ᠡᠮᠴᠢᠯᠡᠭᠡᠨ ᠤ ᠪᠠᠶᠢᠭᠤᠯᠤᠮᠵᠢ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠰᠢᠯᠲᠠᠭ ᠪᠤᠯᠭᠠᠵᠤ | ᠬᠦᠨᠳᠦ ᠲᠦᠭᠰᠢᠭᠦᠷᠢᠲᠡᠢ ᠡᠪᠡᠳᠴᠢᠲᠡᠨ ᠢ ᠭᠥᠯᠢᠶᠡᠨ ᠠᠪᠴᠤ ᠡᠮᠨᠡᠭᠦ ᠶᠢ ᠲᠡᠪᠴᠢᠵᠦ ᠪᠤᠯᠬᠤ ᠦᠭᠡᠢ ᠭᠡᠵᠦ | ᠲᠣᠭᠲᠠᠵᠤ᠂ ᠡᠪᠡᠳᠴᠢᠨ ᠦᠵᠡᠭᠦᠯᠭᠦ ᠣᠷᠴᠢᠨ ᠲᠣᠭᠤᠷᠢᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ | ᠦᠨᠡᠨ ᠬᠦ ᠪᠠᠲᠤᠯᠠᠪᠠ︾ ᠭᠡᠵᠦ ᠰᠢᠦᠢ ᠬᠤᠩ ᡁᠢ ᠬᠡᠯᠡᠪᠡ᠃ |