ᠴᠢᠩ ᠱᠦᠢ ᠾᠧ ᠰᠢᠶᠠᠨ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠲᠠᠢ ᠰᠡᠳᠬᠢᠯ ᠵᠢᠷᠦᠬᠡ ᠪᠠᠨ ᠬᠤᠯᠪᠣᠵᠤ ᠰᠤᠷᠪᠤᠯᠵᠢᠯᠠᠨ ᠲᠣᠬᠤᠨᠢᠭᠤᠯᠬᠤ ᠠᠵᠢᠯ ᠥᠷᠨᠢᠭᠦᠯᠦᠨ᠎ᠡ
ᠨᠡᠶᠢᠲᠡᠯᠡᠭᠰᠡᠨ ᠴᠠᠭ᠄
2022/12/13
     12 ᠳ᠋ᠤᠭᠠᠷ ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠤᠯᠢᠶᠠᠰᠤᠲᠠᠢ ᠰᠢᠶᠠᠩ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠢᠮᠠᠭᠲᠠ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠨᠡᠨᠬᠦ ᠰᠠᠶᠢᠲᠤᠷ ᠪᠠᠬᠢᠵᠢᠭᠦᠯᠵᠦ ᠰᠠᠶᠢᠲᠤᠷ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
     ᠴᠠᠭᠠᠨ ᠬᠤᠰᠢᠭᠤᠴᠢ ᠠᠶᠢᠯ ᠤᠨ ᠨᠠᠮ ᠤᠨ ᠡᠭᠦᠷ ᠤᠨ ᠲᠥᠪ ᠲᠤ᠂ ᠴᠧᠨ ᠬᠤᠷᠴᠠ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃ᠲᠡᠷᠡ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠶᠠᠨ ᠤ ᠡᠯ᠎ᠡ ᠵᠦᠢᠯ ᠤᠨ ᠲᠦᠷᠦ ᠶᠢᠨ ᠪᠣᠳᠣᠯᠭ᠎ᠠ᠂ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃
     ᠡᠷᠬᠢᠨ ᠦᠵᠡᠵᠦ ᠲᠣᠬᠤᠨᠢᠭᠤᠯᠬᠤ ᠳᠤᠮᠳᠠ᠂ ᠴᠧᠨ ᠬᠤᠷᠴᠠ ᠳ᠋ᠠᠩ ᡁᠢ ᠯᠢᠶᠠᠩ᠂ ᠰᠢᠶᠣᠣ ᠵᠠᠨ ᠴᠧᠩ᠂ ᠯᠢ ᠧᠨ ᠱᠠᠨ᠂ ᠯᠢᠦ ᠰᠠᠨ ᠠᠨ ᠵᠡᠷᠭᠡ 4 ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠲᠠᠢ ᠳᠣᠲᠣᠨᠣᠰᠤᠭ ᠢᠶᠠᠷ ᠵᠣᠭᠤᠭᠳᠠᠵᠤ᠂ ᠣᠳᠣᠬᠠᠨ ᠤ ᠦᠢᠯᠡᠳᠪᠦᠷᠢᠯᠡᠯ ᠠᠮᠢᠳᠤᠷᠠᠯ᠂ ᠭᠡᠷ ᠪᠦᠯᠢ ᠶᠢᠨ ᠣᠷᠣᠯᠭ᠎ᠠ᠂ ᠦᠷ᠎ᠡ ᠬᠡᠦᠬᠡᠳ ᠤᠨ ᠠᠵᠢᠯ ᠣᠯᠭᠤᠯᠲᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ᠶᠠᠷᠢᠯᠴᠠᠭᠠᠨ ᠤ ᠳᠤᠮᠳᠠ᠂ ᠴᠧᠨ ᠬᠤᠷᠴᠠ ᠤᠯᠠᠨ ᠢᠶᠠᠷ ᠢᠶᠠᠨ ᠪᠠᠶᠠᠰᠤᠩᠭᠤᠢ ᠥᠭᠡᠳᠡᠷᠬᠡᠭ ᠠᠮᠢᠳᠤᠷᠠᠯ ᠤᠨ ᠣᠪᠣᠷ ᠲᠠᠢ ᠪᠠᠶᠢᠵᠤ᠂ ᠨᠠᠮ ᠪᠣᠯᠣᠨ ᠵᠠᠰᠠᠭ ᠤᠨ ᠣᠷᠳᠣᠨ ᠤ ᠰᠠᠶᠢᠨ ᠲᠦᠷᠦ ᠶᠢᠨ ᠪᠣᠳᠣᠯᠭ᠎ᠠ ᠶᠢᠨ ᠳᠣᠣᠷ᠎ᠠ᠂ ᠪᠠᠶᠠᠵᠢᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠠᠶᠠᠵᠢᠬᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ ᠭᠡᠵᠦ ᠬᠦᠰᠡᠪᠡ᠃      ᠰᠢᠶᠠᠩ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1