ᠬᠥᠬᠡᠬᠤᠲᠠ ᠥᠨᠥᠳᠥᠷ ᠠᠴᠠ ᠡᠬᠢᠯᠡᠵᠦ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠲᠡᠷᠭᠡ ᠵᠢᠯᠣᠭᠤᠴᠢ ᠶᠢᠨ ᠬᠠᠮᠢᠶᠠᠷᠤᠯᠲᠠ ᠶᠢᠨ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠰᠡᠷᠭᠦᠭᠡᠨ᠎ᠡ
ᠨᠡᠶᠢᠲᠡᠯᠡᠭᠰᠡᠨ ᠴᠠᠭ᠄
2022/12/14
     ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠶᠢᠯᠠᠭᠠᠭᠰᠠᠨ ᠢᠶᠠᠷ᠂ 12 ᠳ᠋ᠤᠭᠠᠷ ᠰᠠᠷ᠎ᠠ ᠶᠢᠨ 12 ᠤᠨ ᠡᠳᠦᠷ ᠠᠴᠠ ᠡᠬᠢᠯᠡᠨ᠂ ᠲᠣᠰ ᠲᠥᠪ ᠤᠨ ᠡᠯ᠎ᠡ ᠦᠢᠯᠡᠴᠢᠯᠡᠭᠡᠨ ᠤ ᠲᠢᠩᠬᠢᠮ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡ ᠶᠢ ᠰᠡᠷᠭᠦᠭᠡᠨ᠎ᠡ᠃      ᠣᠶᠢᠯᠠᠭᠠᠭᠰᠠᠨ ᠢᠶᠠᠷ᠂ ᠡᠯ᠎ᠡ ᠦᠢᠯᠡᠴᠢᠯᠡᠭᠡᠨ ᠤ ᠲᠢᠩᠬᠢᠮ ᠤᠨ ᠪᠥᠬᠦ ᠴᠣᠩᠬᠤᠪᠴᠢ ᠶᠢᠨ ᠦᠢᠯᠡᠴᠢᠯᠡᠭᠡ ᠶᠢ ᠴᠥᠮ ᠤᠷᠢᠳᠴᠢᠯᠠᠨ ᠪᠣᠯᠵᠣᠬᠤ ᠬᠡᠷᠡᠭᠲᠡᠢ᠂ ᠤᠷᠢᠳᠴᠢᠯᠠᠨ ᠪᠣᠯᠵᠣᠬᠤ ᠦᠭᠡᠢ ᠪᠣᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠤᠴᠢᠷ ᠶᠠᠪᠤᠳᠠᠯ ᠭᠦᠢᠴᠡᠳᠬᠡᠬᠦ ᠬᠥᠮᠥᠰ ︽ᠮᠥᠩᠬᠡ ᠰᠤᠪᠠᠭ︾᠂ ︽ᠬᠦᠭᠡᠬᠤᠲᠠ ᠪᠠᠨ ᠬᠠᠶᠢᠷᠠᠯᠠᠶ᠎ᠠ︾᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠸᠢᠴᠠᠲ ᠤᠨ ᠨᠡᠶᠢᠲᠡ ᠶᠢᠨ ᠲᠠᠪᠴᠠᠩ ᠵᠡᠷᠭᠡ  ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠠᠴᠠ 10 ᠠᠵᠢᠯᠯᠠᠬᠤ ᠡᠳᠦᠷ ᠤᠨ ᠳᠣᠲᠣᠷᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡ  ᠶᠢ ᠤᠷᠢᠳᠴᠢᠯᠠᠨ ᠪᠣᠯᠵᠣᠵᠤ ᠪᠣᠯᠣᠨ᠎ᠠ᠂ ᠲᠤᠬᠠᠢ ᠶᠢᠨ ᠡᠳᠦᠷ ᠤᠨ ᠦᠢᠯᠡᠴᠢᠯᠡᠭᠡ ᠶᠢ ᠡᠷᠬᠡᠪᠰᠢ 2 ᠴᠠᠭ ᠤᠨ ᠡᠮᠦᠨ᠎ᠡ ᠤᠷᠢᠳᠴᠢᠯᠠᠨ ᠪᠣᠯᠵᠣᠬᠤ ᠬᠡᠷᠡᠭᠲᠡᠢ᠃      ᠪᠣᠯᠵᠣᠵᠤ ᠳᠡᠶᠢᠯᠦᠭᠰᠡᠨ ᠤ ᠳᠠᠷᠠᠭ᠎ᠠ᠂ ᠪᠣᠯᠵᠣᠭᠰᠠᠨ ᠡᠳᠦᠷ ᠬᠤᠭᠤᠴᠠᠭ᠎ᠠ ᠪᠠ ᠴᠠᠭ ᠤᠨ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡᠨ ᠤ ᠲᠢᠩᠬᠢᠮ ᠳᠤ ᠣᠴᠢᠵᠤ ᠭᠦᠢᠴᠡᠳᠬᠡᠨ᠎ᠡ︔ ᠦᠢᠯᠡᠴᠢᠯᠡᠭᠡᠨ ᠤ ᠲᠢᠩᠬᠢᠮ ᠳᠤ ᠣᠷᠣᠭᠰᠠᠨ ᠬᠥᠮᠥᠰ ᠡᠷᠬᠡᠪᠰᠢ ᠴᠠᠭ ᠢᠮᠠᠭᠲᠠ ᠠᠮᠠᠪᠴᠢ ᠵᠡᠭᠦᠵᠦ᠂ ᠪᠤᠰᠤᠳ ᠬᠥᠮᠥᠰ ᠲᠠᠢ 1 ᠮᠧᠲᠷ ᠠᠴᠠ ᠳᠡᠭᠡᠭᠰᠢᠬᠢ ᠠᠶᠤᠯ ᠦᠭᠡᠢ ᠵᠠᠢ ᠶᠢ ᠪᠠᠲᠤᠯᠠᠵᠤ᠂ ᠤᠬᠠᠮᠰᠠᠷ  ᠠᠴᠠ ᠪᠠᠨ ᠤᠷᠢᠳᠴᠢᠯᠠᠨ ᠪᠣᠯᠵᠣᠭᠰᠠᠨ ᠮᠡᠳᠡᠭᠡ ᠵᠠᠩᠭᠢ ᠪᠠᠨ ᠬᠢᠨᠠᠨ ᠰᠢᠯᠭᠠᠭᠤᠯᠵᠤ᠂ ᠤᠷᠢᠳᠴᠢᠯᠠᠨ ᠪᠣᠯᠵᠣᠭᠰᠠᠨ ᠳ᠋ᠤᠭᠠᠷ ᠨᠢ ᠥᠩᠭᠡᠷᠡᠭᠰᠡᠨ ᠪᠠᠶᠢᠪᠠᠯ ᠡᠷᠬᠡᠪᠰᠢ ᠳᠠᠭᠢᠵᠤ ᠳ᠋ᠤᠭᠠᠷ ᠠᠪᠬᠤ ᠪᠤᠶᠤ ᠳᠠᠬᠢᠨ ᠤᠷᠢᠳᠴᠢᠯᠠᠨ ᠪᠣᠯᠵᠣᠵᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠡᠷᠡᠭᠲᠡᠢ︔ ᠠᠵᠢᠯᠲᠠᠨ ᠤ ᠬᠥᠲᠥᠯᠥᠨ ᠵᠢᠯᠤᠭᠤᠳᠬᠤ ᠪᠠ ᠲᠣᠬᠢᠷᠠᠭᠤᠯᠤᠯᠲᠠ ᠶᠢ ᠬᠠᠮᠵᠢᠯᠴᠠᠵᠤ᠂ ᠦᠢᠯᠡᠴᠢᠯᠡᠭᠡ ᠠᠪᠬᠤ ᠳᠤ ᠪᠠᠨ ᠣᠷᠭᠢᠯ ᠦᠶ᠎ᠡ ᠶᠢ ᠵᠥᠷᠢᠭᠦᠯᠦᠨ ᠭᠦᠢᠴᠡᠳᠬᠡᠵᠦ᠂ ᠠᠵᠢᠯ ᠦᠢᠯᠡᠴᠢᠯᠡᠭᠡ ᠪᠠᠨ ᠳᠠᠭᠤᠰᠬᠠᠪᠠᠯ ᠳᠠᠷᠤᠶᠢᠬᠠᠨ ᠰᠠᠯᠵᠤ᠂ ᠦᠢᠯᠡᠴᠢᠯᠡᠭᠡᠨ ᠤ ᠲᠢᠩᠬᠢᠮ ᠳᠤ ᠤᠳᠠᠭᠠᠨ ᠬᠤᠭᠤᠴᠠᠭ᠎ᠠ ᠪᠠᠷ ᠪᠠᠶᠢᠬᠤ ᠠᠴᠠ ᠵᠠᠶᠢᠯᠠᠰᠬᠢᠬᠦ ᠬᠡᠷᠡᠭᠲᠡᠢ᠃      ᠲᠤᠰᠢᠶᠠᠨ ᠬᠠᠳᠠᠭᠠᠯᠠᠭᠤᠯᠬᠤ ᠨᠢᠭᠡᠴᠢ ᠪᠣᠯᠣᠨ ᠠᠵᠢᠯᠲᠠᠳ ᠲᠤ ᠰᠠᠨᠠᠭᠤᠯᠬᠤ ᠨᠢ᠂ ︽ᠮᠥᠩᠬᠡ ᠰᠤᠪᠠᠭ︾᠂ ︽ᠬᠦᠭᠡᠬᠤᠲᠠ ᠪᠠᠨ ᠬᠠᠶᠢᠷᠠᠯᠠᠶ᠎ᠠ︾᠂ ︽ᠬᠥᠬᠡᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ App᠂ ︽ᠸᠢᠴᠠᠲ ᠤᠨ ᠣᠯᠠᠨ ᠨᠡᠶᠢᠲᠡ ᠶᠢᠨ ᠲᠠᠪᠴᠠᠩ︾᠂ ︽ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠢᠩᠬᠢᠮ︾ ᠵᠡᠷᠭᠡ ᠪᠠᠷ ᠳᠠᠮᠵᠢᠨ ᠰᠦᠯᠵᠢᠶᠡᠨ ᠳᠡᠭᠡᠷ᠎ᠡ ᠠᠴᠠ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠂ ᠪᠦᠬᠦᠶᠢᠯᠡ ᠰᠦᠯᠵᠢᠶᠡᠨ ᠳᠡᠭᠡᠷᠡᠬᠢ ᠲᠠᠪᠴᠠᠩ ᠨᠢ 7×24 ᠴᠠᠭ ᠤᠨ ᠲᠤᠷᠰᠢ ︽ᠲᠠᠰᠤᠯᠳᠠᠯ ᠦᠭᠡᠢ︾ ᠦᠢᠯᠡᠴᠢᠯᠡᠭᠡ ᠬᠠᠩᠭᠠᠵᠤ᠂ ᠠᠵᠢᠯᠲᠠᠨ ᠨᠢ ᠲᠤᠰ ᠠᠵᠢᠯ ᠤᠨ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠠᠵᠢᠯ ᠢ ᠳᠠᠭᠤᠰᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1