ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠦᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠮᠠᠨ ᠤ ᠣᠷᠣᠨ ᠲᠣᠳᠣᠷᠬᠠᠢ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭ ᠭᠠᠷᠭᠠᠪᠠ
ᠨᠡᠶᠢᠲᠡᠯᠡᠭᠰᠡᠨ ᠴᠠᠭ᠄
2022/12/14
     ᠲᠠᠪᠤᠨ ᠶᠡᠭᠡ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠪᠣᠯᠣᠨ᠎ᠠ᠃ 12 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ · ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ  ᠠᠯᠪᠠᠨ ᠭᠡᠷ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠠᠨ ᠤ ᠣᠷᠣᠨ ᠤ ᠲᠠᠪᠤᠨ ᠶᠡᠭᠡ ᠡᠭᠦᠷᠭᠡ ᠶᠢᠨ ᠶᠡᠷᠦᠩᠬᠡᠢ ᠪᠠᠶᠢᠳᠠᠯ ᠪᠠ ᠭᠤᠣᠯᠳᠠᠯᠭ᠎ᠠ ᠲᠠᠢ ᠠᠵᠢᠯ᠂ ᠠᠷᠭ᠎ᠠ ᠬᠡᠮᠵᠢᠶ᠎ᠡ ᠶᠢᠨ ᠲᠤᠬᠠᠢ ᠲᠠᠶᠢᠯᠤᠮᠵᠢ ᠬᠢᠪᠡ᠃      ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠮᠠᠨ ᠤ ᠣᠷᠣᠨ  ᠬᠥᠭᠵᠢᠯᠲᠡ ᠶᠢᠨ ᠠᠷᠭ᠎ᠠ ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠬᠤ᠂ ᠤᠢ ᠰᠢᠭᠤᠢ ᠶᠢ ᠬᠠᠮᠠᠭᠠᠯᠠᠬᠤ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠬᠥᠬᠡ ᠣᠭᠲᠠᠷᠭᠤᠢ᠂ ᠬᠥᠬᠡᠮᠳᠦᠭ ᠤᠰᠤᠨ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠪᠣᠯᠣᠨ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠰᠠᠶᠢᠲᠤᠷ ᠬᠢᠵᠦ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠦᠭᠦ ᠲᠠᠯ᠎ᠠ  ᠪᠠᠷ ᠳᠡᠭᠡᠭᠰᠢᠯᠡᠭᠦᠯᠦᠨ᠂ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠴᠣᠭᠴᠠᠯᠠᠬᠤ ᠪᠣᠯᠣᠨ᠎ᠠ᠃      ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ  ᠪᠠᠷ᠂ ᠮᠠᠨ ᠤ ᠣᠷᠣᠨ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠲᠡᠨ ᠪᠦᠯᠬᠦᠮᠳᠡᠯ ᠲᠠᠢ᠂ ᠨᠡᠶᠢᠭᠡᠮ ᠡᠶ᠎ᠡ ᠵᠣᠬᠢᠴᠠᠩᠭᠤᠢ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠦᠭᠦ ᠬᠦᠴᠦᠨ ᠢᠶᠠᠷ  ᠬᠠᠮᠠᠭᠠᠯᠠᠵᠤ᠂ ᠥᠪᠥᠷ ᠮᠣᠩᠭᠤᠯ ᠤᠨ ᠠᠮᠤᠷ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ  ᠬᠠᠮᠠᠭᠠᠯᠠᠨ᠎ᠠ᠃ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ  ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ ᠥᠷᠨᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ  ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠣᠯᠣᠨ᠎ᠠ᠃      ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ  ᠪᠠᠷ᠂ ᠮᠠᠨ ᠤ ᠣᠷᠣᠨ  ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠡᠨᠧᠷᠭᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ  ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠨ᠎ᠠ᠃ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ  ᠡᠨᠧᠷᠭᠢ ᠶᠢᠨ ᠬᠡᠷᠡᠭᠯᠡᠭᠡᠨ ᠤ ᠲᠠᠯᠠᠪᠤᠷ ᠢ ᠶᠡᠭᠡ ᠪᠠᠷ ᠥᠷᠭᠡᠳᠬᠡᠨ᠂ ᠰᠠᠯᠬᠢᠨ ᠬᠦᠴᠦᠨ ᠤ ᠡᠨᠧᠷᠭᠢ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠪᠣᠯᠣᠨ ᠨᠥᠭᠡᠴᠡ ᠡᠨᠧᠷᠭᠢ ᠶᠢᠨ ᠳᠥᠷᠪᠡᠨ ᠶᠡᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠪᠠᠶᠢᠭᠤᠯᠵᠤ᠂ ᠪᠦᠭᠦ ᠤᠯᠤᠰ ᠲᠤ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠣᠯ  ᠴᠣᠭᠴᠠ ᠪᠣᠯᠭᠠᠭᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠤᠨ᠎ᠠ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ  ᠠᠵᠤ ᠦᠢᠯᠡᠰ ᠤᠨ ᠰᠠᠭᠤᠷᠢᠨ ᠢ ᠶᠡᠭᠡ ᠪᠠᠷ ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ᠂ ᠪᠦᠭᠦᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠣᠨ ᠪᠦᠭᠦ ᠤᠯᠤᠰ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ  ᠰᠠᠭᠤᠷᠢᠨ ᠢ ᠪᠦᠲᠦᠭᠡᠨ ᠪᠠᠶᠢᠭᠤᠯᠬᠤ ᠪᠣᠯᠣᠨ᠎ᠠ᠃      ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ᠂ ᠲᠡᠵᠢᠭᠡᠯ ᠡᠪᠡᠰᠦᠨ ᠤ  ᠰᠠᠭᠤᠷᠢᠨ ᠤ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠦᠢᠲᠡᠨ ᠬᠡᠯᠬᠢᠶᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠲᠥᠷᠥᠯ ᠲᠡᠮᠳᠡᠭ ᠡᠭᠦᠳᠭᠦ ᠵᠡᠷᠭᠡ ᠭᠤᠣᠯᠳᠠᠯᠭ᠎ᠠ ᠲᠠᠢ ᠠᠵᠢᠯ ᠢ  ᠬᠦᠴᠦᠯᠡᠨ ᠰᠠᠶᠢᠲᠤᠷ ᠠᠳᠬᠤᠵᠤ᠂ ᠴᠢᠨᠠᠷ ᠰᠠᠶᠢᠲᠠᠢ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠢ ᠪᠠᠶᠢᠭᠤᠯᠤᠨ᠂  ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠲᠠᠨ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠰᠢᠰᠲ᠋ᠧᠮ   ᠨᠢ ᠴᠢᠩᠭ᠎ᠠ᠂ ᠪᠣᠬᠢᠷᠳᠤᠯ ᠦᠭᠡᠢ  ᠬᠥᠭᠵᠢᠯᠲᠡ ᠶᠢᠨ ᠲᠦᠪᠰᠢᠨ ᠴᠢᠩᠭ᠎ᠠ ᠪᠠᠶᠢᠳᠠᠭ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ 2025 ᠣᠨ ᠪᠣᠯᠬᠤ ᠳᠤ ᠪᠦᠬᠦ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 800  ᠳ᠋ᠦᠩᠰᠢᠭᠤᠷ ᠵᠢᠩ ᠳᠤ ᠬᠦᠷᠭᠡᠬᠦ ᠪᠠᠷ ᠴᠢᠷᠮᠠᠶᠢᠨ᠎ᠠ᠃ ᠦᠢᠯᠡᠳᠬᠦᠨ ᠤ ᠥᠷᠲᠡᠭ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠡᠷᠳᠡᠨᠢ ᠰᠢᠰᠢ ᠪᠣᠯᠣᠨ ᠰᠦ ᠶᠢᠨ ᠠᠵᠤ ᠦᠢᠯᠡᠰ᠂ ᠦᠢᠯᠡᠳᠬᠦᠨ ᠤ ᠥᠷᠲᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ ᠮᠢᠬᠠᠨ ᠤ ᠦᠬᠡᠷ᠂ ᠮᠢᠬᠠᠨ ᠤ ᠬᠤᠨᠢ ᠪᠣᠯᠣᠨ ᠲᠡᠵᠢᠭᠡᠯ ᠡᠪᠡᠰᠦᠨ ᠤ ᠠᠵᠤ ᠦᠢᠯᠡᠰ᠂ ᠦᠢᠯᠡᠳᠬᠦᠨ ᠤ ᠥᠷᠲᠡᠭ ᠨᠢ 100 ᠳ᠋ᠦᠩᠰᠢᠭᠤᠷ ᠲᠥᠭᠦᠷᠢᠭ ᠢ ᠳᠠᠪᠠᠭᠰᠠᠨ ᠲᠥᠮᠥᠰᠥ᠂ ᠰᠢᠷ᠎ᠠ ᠪᠤᠷᠴᠠᠭ᠂ ᠨᠡᠷᠡᠨ ᠬᠤᠸᠠᠷ ᠪᠣᠯᠣᠨ ᠢᠮᠠᠭᠠᠨ ᠨᠣᠣᠯᠣᠭᠤᠷ ᠤᠨ ᠠᠵᠤ ᠦᠢᠯᠡᠰ ᠵᠡᠷᠭᠡ 8 ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯᠣᠨ᠎ᠠ᠃      ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠮᠠᠨ ᠤ ᠣᠷᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠢ ᠶᠡᠭᠡ ᠪᠠᠷ ᠠᠬᠢᠭᠤᠯᠵᠤ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠨᠡᠭᠡᠭᠡᠯᠲᠡᠲᠤ ᠪᠣᠭᠤᠮᠲᠠ᠂ ᠨᠡᠭᠡᠭᠡᠯᠲᠡᠲᠤ ᠵᠠᠮ ᠢ ᠶᠡᠭᠡ ᠪᠠᠷ ᠪᠦᠲᠦᠭᠡᠨ ᠪᠠᠶᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠂ ᠨᠠᠷᠮᠠᠢ ᠪᠣᠭᠤᠮᠲᠠ ᠶᠢᠨ  ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠥᠪᠥᠷ ᠮᠣᠩᠭᠤᠯ ᠢ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠢᠶᠠᠨ ᠨᠥᠯᠥᠭᠡᠯᠡᠨ ᠳᠠᠶᠢᠴᠢᠯᠠᠭᠰᠠᠨ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠭᠰᠠᠨ᠂ ᠴᠢᠬᠤᠯᠠ ᠡᠯᠧᠮᠧᠨ᠋ᠲ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠦ ᠣᠷᠣᠨ ᠪᠦᠰᠡ ᠶᠢᠨ  ᠨᠡᠭᠡᠭᠡᠯᠲᠡ ᠶᠢᠨ ᠲᠠᠪᠴᠠᠩ ᠪᠣᠯᠭᠠᠨ ᠪᠦᠲᠦᠭᠡᠨ ᠪᠠᠶᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠳᠤᠮᠳᠠ ᠵᠠᠮ᠂ ᠵᠡᠭᠦᠨ ᠵᠠᠮ ᠤᠨ  ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠵᠦ᠂ ᠤᠯᠠᠭᠠᠨᠴᠠᠪ ᠤᠨ ᠲᠥᠪᠯᠡᠷᠡᠭᠦᠯᠦᠨ ᠲᠠᠷᠬᠠᠭᠠᠬᠤ ᠲᠥᠪ᠂ ᠵᠢᠨᠢᠩ — ᠡᠷᠢᠶᠡᠨ ᠬᠦᠷᠬᠦ ᠲᠡᠮᠦᠷ ᠵᠠᠮ ᠪᠣᠯᠣᠨ ᠡᠷᠢᠶᠡᠨ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ ᠪᠡᠶ᠎ᠡ᠂ ᠳᠤᠮᠳᠠ ᠪᠡᠶ᠎ᠡ᠂ ᠪᠠᠷᠠᠭᠤᠨ ᠪᠡᠶ᠎ᠡ ᠶᠢ ᠬᠤᠯᠪᠣᠭᠰᠠᠨ ᠲᠦᠷᠭᠡᠨ ᠤ ᠲᠡᠮᠦᠷ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠷᠢᠯᠴᠠᠭ᠎ᠠ᠂ ᠡᠳ᠋ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷ ᠢ ᠪᠠᠶᠢᠭᠤᠯᠤᠨ᠎ᠠ᠃ ᠲᠡᠷᠢᠭᠦᠨ ᠤ ᠦᠢᠯᠡᠳᠬᠦ ᠦᠢᠯᠡᠰ ᠲᠥᠪᠯᠡᠷᠡᠭᠰᠡᠨ ᠣᠷᠣᠨ ᠢ  ᠪᠦᠲᠦᠭᠡᠨ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠠᠪᠴᠠᠩ ᠢᠶᠠᠷ ᠠᠷᠠᠯᠵᠢᠶᠠᠴᠢᠨ ᠤᠷᠢᠬᠤ ᠠᠵᠢᠯᠯᠠᠭ᠎ᠠ  ᠥᠷᠨᠢᠭᠦᠯᠵᠦ᠂ ᠨᠠᠩ ᠣᠯᠠᠨ ᠰᠠᠶᠢᠨ ᠠᠵᠤ ᠠᠬᠤᠶᠢᠯᠠᠯ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ  ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠭᠦ ᠬᠦᠴᠦᠨ ᠨᠡᠮᠡᠷᠢᠯᠡᠬᠦ ᠪᠣᠯᠣᠨ᠎ᠠ᠃      ᠮᠠᠨ ᠤ ᠣᠷᠣᠨ ᠲᠠᠪᠤᠨ ᠶᠡᠭᠡ ᠡᠭᠦᠷᠭᠡ ᠶᠢᠨ ᠲᠤᠬᠠᠢ ᠲᠤᠰᠬᠠᠢ ᠬᠡᠷᠡᠭᠵᠢᠭᠦᠯᠬᠦ ᠲᠥᠰᠥᠯ ᠢ ᠨᠢᠭᠡᠳ ᠨᠢᠭᠡ ᠪᠠᠷ ᠨᠡᠶᠢᠲᠡᠯᠡᠵᠦ᠂ ᠡᠭᠦᠷᠭᠡ᠂ ᠵᠠᠮ ᠱᠤᠭᠤᠮ ᠤᠨ  ᠵᠢᠷᠤᠭ ᠪᠣᠯᠣᠨ ᠴᠠᠭ ᠤᠨ ᠬᠦᠰᠦᠨᠦᠭ ᠢ ᠴᠥᠮ ᠲᠣᠳᠣᠷᠬᠠᠶᠢᠯᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠰᠠ ᠲᠤᠰᠬᠠᠢ ᠤᠳᠤᠷᠢᠳᠬᠤ  ᠳᠤᠭᠤᠶᠢᠯᠠᠩ ᠪᠠᠶᠢᠭᠤᠯᠵᠤ᠂ ᠲᠠᠪᠤᠨ ᠶᠡᠭᠡ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ  ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1