ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ᠎ᠠ  ᠵᠢᠦ ᠼᠠᠢ ᠵᠦᠸᠠᠩ ᠰᠢᠶᠠᠩ᠄ ᠣᠨᠴᠠᠯᠢᠭᠲᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2022/12/15
     ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠭᠰᠠᠨ ᠠᠴᠠ ᠨᠠᠰᠢ᠂ ᠴᠢᠩ ᠱᠦᠢ ᠾᠧ ᠰᠢᠶᠠᠨ ᠤ ᠵᠢᠦ ᠼᠠᠢ ᠵᠤᠸᠠᠩ ᠰᠢᠶᠠᠩ ᠤᠨ ᠪᠦᠬᠦ ᠺᠠᠳ᠋ᠷ ᠠᠵᠢᠯᠲᠠᠨ ᠠᠵᠢᠯᠴᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠠᠭᠤᠯᠭ᠎ᠠ ᠶᠢ ᠣᠨᠣᠪᠴᠢᠲᠠᠢ ᠡᠵᠡᠮᠰᠢᠵᠦ᠂ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠨ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠤᠮᠳᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠬᠦ ᠰᠤᠷᠤᠯᠴᠠᠵᠤ ᠦᠨᠡᠨᠬᠦ ᠣᠶᠢᠯᠠᠭᠠᠵᠤ ᠦᠨᠡᠨᠬᠦ ᠢᠲᠡᠭᠡᠵᠦ ᠦᠨᠡᠨᠬᠦ ᠬᠡᠷᠡᠭᠯᠡᠬᠦ ᠶᠢ ᠪᠡᠶᠡᠯᠡᠭᠦᠯᠵᠡᠢ᠃      ᠣᠶᠢᠷ᠎ᠠ ᠳᠤ᠂ ᠴᠢᠩ ᠱᠦᠢ ᠾᠧ ᠰᠢᠶᠠᠨ ᠤ ᠵᠢᠦ ᠼᠠᠢ ᠵᠤᠸᠠᠩ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠳ ᠢᠯᠡᠳᠬᠡᠯ ᠤᠨ ᠭᠤᠣᠯ ᠰᠡᠳᠦᠪ ᠵᠢᠴᠢ ᠠᠭᠤᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠰᠤᠷᠤᠯᠴᠠᠯᠭ᠎ᠠ ᠶᠠᠷᠢᠯᠴᠠᠭ᠎ᠠ ᠬᠢᠵᠦ ᠣᠯᠠᠨ ᠲᠠᠢ ᠬᠤᠪᠢᠶᠠᠯᠴᠠᠪᠠ᠃      ᠤᠯᠠᠨ ᠢᠶᠠᠷ ᠢᠶᠠᠨ ᠢᠯᠡᠳᠬᠡᠵᠡᠭᠡᠭᠰᠡᠨ ᠨᠢ᠂ ᠡᠷᠬᠡᠪᠰᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ ᠭᠡᠵᠡᠢ᠃      ᠳᠠᠷᠠᠭᠠᠴᠢ ᠶᠢᠨ ᠠᠯᠬᠤᠮ ᠳᠤ᠂ ᠵᠢᠦ ᠼᠠᠢ ᠵᠦᠸᠠᠩ ᠰᠢᠶᠠᠩ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠢᠲᠡᠭᠡᠯ ᠵᠣᠷᠢᠭ ᠢᠶᠠᠷ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠣᠳᠠᠲᠠᠢ ᠠᠵᠢᠯᠯᠠᠬᠤ ᠪᠠᠷ ᠢᠷᠠᠭᠤ ᠬᠠᠭᠤᠳᠠᠰᠤ ᠶᠢ ᠪᠢᠴᠢᠭᠯᠡᠵᠦ᠂ ᠬᠥᠳᠡᠭᠡ ᠲᠣᠰᠬᠤᠨ ᠤ ᠳᠣᠲᠣᠭᠠᠳᠤ ᠳᠠᠯᠳᠠ ᠬᠦᠴᠦᠨ ᠢ ᠬᠥᠭᠵᠢᠭᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠠᠵᠢᠯᠯᠠᠭ᠎ᠠ ᠳᠠᠭᠠᠨ ᠦᠨᠡᠨᠬᠦ ᠬᠡᠷᠡᠭᠵᠢᠭᠦᠯᠵᠦ᠂ ᠦᠷ᠎ᠡ ᠪᠦᠲᠦᠮᠵᠢ ᠣᠯᠵᠤ᠂ ᠪᠦᠬᠦ ᠰᠢᠶᠠᠩ ᠤᠨ ᠠᠷᠠᠳ ᠲᠦᠮᠡᠨ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠯᠠᠪᠳᠠᠭᠤᠨ ᠢᠶᠠᠷ ᠤᠷᠤᠭᠰᠢᠯᠠᠨ᠎ᠠ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1