ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 74 ᠳ᠋ᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/15
     12 ᠳ᠋ᠤᠭᠠᠷ ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 74 ᠳ᠋ᠦᠭᠡᠷ ᠤᠳᠠᠭᠠᠨ ᠤ ︵ᠥᠷᠭᠡᠳᠬᠡᠭᠰᠡᠨ︶ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ 12 ᠳ᠋ᠤᠭᠠᠷ ᠰᠠᠷ᠎ᠠ ᠶᠢᠨ 6 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠪᠦᠬᠦ ᠰᠢᠶᠠᠨ ᠤ ᠠᠵᠤ ᠠᠬᠤᠢ ᠶᠢᠨ ᠠᠵᠢᠯᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠤᠨ ᠪᠠᠶᠢᠳᠠᠯ ᠢ ᠰᠣᠨᠣᠰᠴᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠶᠠᠷᠢᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠵᠢᠯ ᠤᠨ ᠵᠥᠷᠢᠶ᠎ᠡ ᠶᠢ ᠪᠦᠬᠦ ᠲᠠᠯ᠎ᠠ ᠪᠠᠷ ᠡᠮᠬᠢᠯᠡᠵᠦ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠶᠢ ᠳᠤᠪᠤᠶᠢᠯᠭᠠᠵᠦ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠢ ᠭᠤᠶᠢᠪᠢᠰᠢ ᠦᠭᠡᠢ ᠠᠳᠬᠤᠨ ᠪᠡᠯᠡ ᠣᠷᠣᠭᠤᠯᠤᠯᠲᠠ ᠶᠢ ᠠᠬᠢᠭᠤᠯᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢᠭᠡᠳᠦᠭᠡᠷ ᠹᠷᠣᠨᠲ ᠲᠤ ᠲᠦᠷᠦᠯ ᠵᠦᠢᠯ ᠢ ᠰᠤᠳᠤᠯᠤᠨ ᠠᠰᠠᠭᠤᠳᠠᠯ ᠢ ᠰᠢᠢᠳᠪᠦᠷᠢᠯᠡᠵᠦ᠂ ᠠᠵᠢᠯᠯᠠᠭ᠎ᠠ ᠶᠢᠨ ᠲᠠᠯ᠎ᠠ ᠪᠠᠷ ᠠᠬᠢᠨ ᠬᠤᠷᠳᠤᠴᠠ ᠪᠠᠨ ᠲᠦᠷᠭᠡᠳᠬᠡᠵᠦ᠂ ᠨᠠᠶᠢᠳᠠᠪᠤᠷᠢᠵᠢᠭᠤᠯᠤᠯᠲᠠ ᠶᠢᠨ ᠲᠠᠯ᠎ᠠ ᠪᠠᠷ ᠠᠬᠢᠨ ᠭᠦᠨᠵᠡᠭᠡᠶᠢᠷᠡᠵᠦ᠂ ᠪᠦᠬᠦ ᠵᠢᠯ ᠤᠨ ᠠᠵᠤ ᠠᠬᠤᠢ ᠶᠢᠨ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠦᠷᠭᠡᠳᠬᠡᠨ ᠪᠤᠵᠠᠭᠠᠶᠢᠷᠠᠭᠤᠯᠵᠤ᠂ ᠲᠦᠷᠦᠯ ᠬᠤᠪᠢᠶᠠᠨ ᠵᠢᠯᠤᠭᠤᠳᠬᠤ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠥᠷᠳᠡᠨ ᠦᠢᠯᠡᠴᠢᠯᠡᠬᠦ ᠪᠠ ᠬᠦᠴᠢᠷᠳᠡᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃2023 ᠣᠨ ᠤ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠲᠦᠷᠦᠯ ᠵᠦᠢᠯ ᠤᠨ ᠨᠥᠭᠡᠴᠡ ᠶᠢ ᠨᠠᠷᠢᠨ ᠨᠢᠮᠪᠠᠢ ᠰᠤᠳᠤᠯᠤᠨ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ  ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠠᠯᠢ ᠣᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠲᠥᠷᠥ ᠶᠢᠨ ᠪᠣᠳᠣᠯᠭ᠎ᠠ ᠶᠣᠰᠣᠭᠠᠷ᠂ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ᠂ ᠱᠠᠲᠤ ᠬᠤᠪᠢᠶᠠᠨ ᠣᠨᠣᠰᠢᠯᠠᠨ ᠡᠮᠨᠡᠬᠦ᠂ ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢ ᠪᠠᠶᠢᠴᠠᠭᠠᠨ ᠭᠠᠷᠭᠠᠬᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠬᠠᠮᠢᠶᠠᠷᠤᠨ ᠡᠵᠡᠮᠳᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠲᠡᠭᠡᠨ ᠰᠠᠭᠤᠵᠤ ᠲᠤᠰᠠᠭᠠᠷᠯᠠᠨ ᠬᠠᠮᠢᠶᠠᠷᠬᠤ ᠪᠠ ᠦᠢᠯᠡᠴᠢᠯᠡᠬᠦ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠰᠤᠲᠠᠶᠢᠴᠤᠳ ᠤᠨ ᠲᠠᠰ ᠬᠤᠪᠢᠶᠠᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠸᠠᠺᠼᠢᠨ ᠤ ᠲᠠᠷᠢᠯᠭ᠎ᠠ ᠶᠢ ᠴᠢᠩᠭᠠᠳᠬᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠪᠢ ᠬᠥᠮᠥᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ︽ᠬᠥᠮᠥᠨ ᠪᠣᠯᠭᠠᠨ ᠴᠥᠮ ᠬᠢᠵᠢᠭ ᠰᠡᠷᠭᠡᠶᠢᠯᠡᠬᠦ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠡᠰᠡᠭ ᠬᠤᠪᠢᠶᠠᠬᠤ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠴᠧᠨ ᠬᠤᠷᠴᠠ᠂ ᠵᠠᠩ ᡁᠢ ᠺᠦᠢ ᠵᠡᠷᠭᠡ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ᠰᠢᠶᠠᠨ ᠤ ᠤᠳᠤᠷᠢᠳᠤᠯᠭ᠎ᠠ ᠱᠢ ᠶᠦᠩ ᠫᠢᠩ᠂ ᠳ᠋ᠦ᠋ ᠬᠦᠶ ᠵᠥᠩ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1