︽ᠰᠢᠨ᠎ᠡ ᠴᠠᠭ ᠦᠶ᠎ᠡ ᠶᠢᠨ ᠨᠠᠰᠤᠵᠢᠯ ᠤᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽︿ᠠᠷᠪᠠᠨ ᠳᠥᠷᠪᠡᠳᠦᠭᠡᠷ | ᠲᠠᠪᠤᠨ ᠵᠢᠯ﹀ ᠤᠨ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 35 ᠳ᠋ᠤᠭᠠᠷ ᠲᠣᠭᠠᠲᠤ︶ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ︾ ︵ᠥᠪᠥᠷ ᠠᠷᠠᠳ ᠤᠨ | ᠶᠠᠪᠤᠳᠠᠯ ᠲᠠᠷᠬᠠᠭᠠᠭᠰᠠᠨ ﹇2021﹈ 116 ᠳ᠋ᠤᠭᠠᠷ ᠲᠣᠭᠠᠲᠤ︶ ᠶᠢᠨ ᠵᠣᠷᠢᠭ ᠰᠠᠨᠠᠭ᠎ᠠ ᠶᠣᠰᠣᠭᠠᠷ᠂ ᠮᠠᠨ ᠤ | ᠬᠤᠲᠠ ︽ᠬᠥᠬᠡᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ︵ | 2022 ᠣᠨ ᠤ ᠬᠡᠪᠯᠡᠯ︾ ᠶᠢ ᠨᠡᠶᠢᠲᠡᠯᠡᠪᠡ᠂ ᠨᠠᠷᠢᠨ ᠬᠠᠭᠤᠳᠠᠰᠤ ᠳᠤ ᠣᠨᠴᠠ ᠬᠦᠴᠢᠷᠳᠡᠯᠲᠡᠢ | ᠨᠠᠰᠤᠲᠠᠶᠢᠴᠤᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ᠂ ᠬᠦᠴᠢᠷᠳᠡᠯᠲᠡᠢ ᠨᠠᠰᠤᠲᠠᠶᠢᠴᠤᠳ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠲᠦᠭᠡᠮᠡᠯ ᠬᠠᠷᠠᠭᠠᠯᠵᠠᠯ ᠦᠵᠡᠭᠦᠯᠬᠦ ᠮᠠᠶ᠋ᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠬᠠᠷᠠᠭᠠᠯᠵᠠᠯ ᠤᠨ ᠦᠢᠯᠡᠴᠢᠯᠡᠭᠡ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠪᠠᠷ ᠲᠡᠳᠬᠦᠬᠦ ᠵᠡᠷᠭᠡ 5 ᠲᠥᠷᠥᠯ ᠤᠨ ᠦᠢᠯᠡᠴᠢᠯᠡᠭᠡᠨ ᠤ ᠲᠥᠷᠥᠯ ᠵᠦᠢᠯ ᠪᠠᠭᠲᠠᠵᠤ᠂ | ᠨᠡᠶᠢᠲᠡ 26 ᠪᠣᠳᠠᠲᠠᠢ ᠲᠥᠷᠥᠯ ᠵᠦᠢᠯ ᠪᠣᠶ᠃ | ᠨᠠᠷᠢᠨ ᠲᠠᠩᠰᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡ ᠶᠢ ᠬᠡᠷᠡᠭᠵᠢᠭᠦᠯᠬᠦ ᠪᠠᠷᠢᠮᠵᠢᠶ᠎ᠠ ︵2021 ᠣᠨ ᠤ ᠬᠡᠪᠯᠡᠯ︶︾ ᠶᠢᠨ ᠦᠳᠡᠯᠬᠦ | ᠦᠶ᠎ᠡ ᠳᠤ ᠭᠥᠷᠳᠡᠬᠦ ᠠᠰᠠᠷᠠᠮᠵᠢ ᠶᠢᠨ ᠬᠡᠰᠡᠭ ᠢ ᠬᠠᠮᠤᠷᠤᠭᠰᠠᠨ ᠪᠥᠭᠡᠳ ᠮᠠᠨ ᠤ ᠬᠤᠲᠠ ᠶᠢᠨ ᠣᠳᠣᠬᠠᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠴᠢᠭᠯᠡᠭᠦᠯᠦᠨ ᠨᠡᠶᠢᠲᠡᠯᠡᠨ ᠬᠡᠷᠡᠭᠵᠢᠭᠦᠯᠦᠭᠰᠡᠨ ᠠᠷᠠᠳ ᠲᠤ ᠠᠰᠢᠭ | ᠬᠦᠷᠲᠡᠭᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠮᠬᠢᠯᠡᠨ | ᠪᠠᠶᠠᠯᠢᠭᠵᠢᠭᠤᠯᠵᠤ ᠲᠡᠭᠦᠯᠳᠡᠷᠵᠢᠭᠦᠯᠦᠭᠰᠡᠨ ᠪᠠᠶᠢᠨ᠎ᠠ᠃ ᠨᠠᠷᠢᠨ ᠬᠠᠭᠤᠳᠠᠰᠤᠨ ᠳᠤ ᠮᠠᠨ ᠤ ᠬᠤᠲᠠ ᠶᠢᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠢᠯᠭᠠᠯ᠂ ᠦᠢᠯᠡᠴᠢᠯᠡᠭᠡᠨ ᠤ | ᠲᠥᠷᠥᠯ ᠵᠦᠢᠯ᠂ ᠦᠢᠯᠡᠴᠢᠯᠡᠬᠦ ᠡᠲᠡᠭᠡᠳ᠂ ᠦᠢᠯᠡᠴᠢᠯᠡᠬᠦ ᠠᠭᠤᠯᠭ᠎ᠠ ᠵᠢᠴᠢ ᠪᠠᠷᠢᠮᠵᠢᠶ᠎ᠠ᠂ ᠵᠠᠷᠤᠯᠭ᠎ᠠ ᠶᠢᠨ | ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠬᠠᠷᠢᠭᠤᠴᠠᠯᠭ᠎ᠠ ᠶᠢᠨ ᠭᠤᠣᠯ ᠴᠣᠭᠴᠠ ᠶᠢ | ᠲᠣᠳᠣᠷᠬᠠᠢ ᠲᠣᠭᠲᠠᠭᠠᠪᠠ᠃ | ᠨᠠᠰᠤᠵᠢᠯ ᠤᠨ ᠦᠢᠯᠡᠴᠢᠯᠡᠭᠡᠨ ᠤ ᠨᠠᠷᠢᠨ ᠬᠠᠭᠤᠳᠠᠰᠤ ᠶᠢᠨ ᠪᠣᠳᠠᠲᠠᠢ ᠪᠠᠶᠢᠳᠠᠯ᠄ | ᠨᠢᠭᠡᠳᠦᠭᠡᠷ ᠲᠥᠷᠥᠯ᠄ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢᠨ ᠲᠥᠷᠥᠯ ᠵᠦᠢᠯ ᠳᠤ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠠᠮᠢᠳᠤᠷᠠᠯ ᠤᠨ ᠨᠥᠬᠦᠪᠦᠷᠢ ᠪᠠ | ᠰᠤᠪᠢᠯᠠᠯᠲᠠ ᠶᠢᠨ ᠨᠥᠬᠦᠪᠦᠷᠢ ᠪᠠᠭᠲᠠᠨ᠎ᠠ᠃ | ᠬᠤᠶᠠᠳᠤᠭᠠᠷ ᠲᠥᠷᠥᠯ᠄ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠷᠥᠯ ᠵᠦᠢᠯ ᠳᠤ ᠬᠤᠭᠤᠯᠠ ᠤᠮᠳᠠ ᠶᠢᠨ ᠨᠥᠬᠦᠪᠦᠷᠢ᠂ ᠵᠠᠰᠠᠭ ᠤᠨ ᠣᠷᠳᠣᠨ ᠤ ᠬᠤᠳᠠᠯᠳᠤᠨ | ᠠᠪᠤᠭᠰᠠᠨ ᠭᠡᠷ ᠲᠤᠨᠢ ᠠᠰᠠᠷᠠᠬᠤ ᠦᠢᠯᠡᠴᠢᠯᠡᠭᠡ᠂ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ | ᠲᠣᠬᠢᠷᠠᠬᠤ ᠥᠭᠡᠷᠡᠴᠢᠯᠡᠯᠲᠡ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠦᠢᠯᠡᠴᠢᠯᠡᠭᠡ᠂ ᠵᠡᠮᠳᠡᠭ | ᠨᠠᠰᠤᠲᠠᠶᠢᠴᠤᠳ ᠤᠨ ᠠᠮᠢᠳᠤᠷᠠᠯ ᠤᠨ ᠪᠠᠲᠤᠯᠠᠭ᠎ᠠ ᠪᠠ ᠬᠠᠷᠠᠭᠠᠯᠵᠠᠨ ᠠᠰᠠᠷᠠᠬᠤ᠂ ᠲᠥᠯᠥᠪᠯᠡᠭᠡᠲᠦ ᠦᠷᠡᠵᠢᠯ ᠤᠨ | ᠣᠨᠴᠠᠭᠠᠢ ᠭᠡᠷ ᠪᠦᠯᠢ ᠶᠢ ᠲᠡᠳᠬᠦᠨ ᠳᠡᠮᠵᠢᠬᠦ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ | ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠᠭᠲᠠᠨ᠎ᠠ᠃ | ᠭᠤᠷᠪᠠᠳᠤᠭᠠᠷ ᠲᠥᠷᠥᠯ᠄ ᠨᠡᠶᠢᠳᠡᠮ ᠬᠠᠷᠠᠭᠠᠯᠵᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠷᠥᠯ ᠵᠦᠢᠯ ᠳᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ᠂ ᠥᠨᠳᠥᠷ ᠨᠠᠰᠤᠲᠠᠨ ᠤ ᠨᠡᠮᠡᠭᠦᠷᠢ᠂ ᠨᠠᠰᠤᠲᠠᠶᠢᠴᠤᠳ ᠤᠨ ᠰᠠᠨᠠᠭᠠᠨ ᠳᠤ ᠦᠭᠡᠢ ᠭᠡᠮᠲᠦᠯ ᠤᠨ | ᠳᠠᠭᠠᠳᠬᠠᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠴᠢᠳᠠᠪᠤᠷᠢ ᠪᠠᠨ ᠠᠯᠳᠠᠭᠰᠠᠨ | ᠣᠶᠤᠨ ᠢᠶᠠᠨ ᠠᠯᠳᠠᠭᠰᠠᠨ ᠨᠠᠰᠤᠲᠠᠶᠢᠴᠤᠳ ᠤᠨ ᠭᠡᠷ ᠪᠦᠯᠢ ᠶᠢᠨ ᠪᠦᠷᠢᠯᠳᠦᠭᠦᠨ ᠤ ᠨᠠᠰᠤᠵᠢᠯ ᠤᠨ ᠠᠰᠠᠷᠠᠮᠵᠢ ᠶᠢᠨ | ᠠᠰᠠᠷᠠᠨ ᠰᠣᠪᠢᠯᠠᠬᠤ ᠮᠡᠷᠭᠡᠵᠢᠯ ᠤᠨ ᠪᠣᠯᠪᠠᠰᠤᠷᠠᠭᠤᠯᠤᠯ ᠪᠠᠭᠲᠠᠨ᠎ᠠ᠃ | ᠳᠥᠷᠪᠡᠳᠦᠭᠡᠷ ᠲᠥᠷᠥᠯ᠄ ᠨᠠᠰᠤᠲᠠᠶᠢᠴᠤᠳ ᠤᠨ ᠬᠠᠷᠠᠭᠠᠯᠵᠠᠯ ᠤᠨ ᠦᠢᠯᠡᠴᠢᠯᠡᠭᠡᠨ ᠤ ᠲᠥᠷᠥᠯ ᠵᠦᠢᠯ ᠳᠤ | ᠨᠠᠰᠤᠲᠠᠶᠢᠴᠤᠳ ᠤᠨ ᠰᠡᠯᠡᠭᠦᠴᠡᠯ ᠠᠮᠠᠷᠠᠯᠲᠠ ᠶᠢᠨ ᠬᠠᠷᠠᠭᠠᠯᠵᠠᠯ ᠤᠨ ᠦᠢᠯᠡᠴᠢᠯᠡᠭᠡ᠂ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠵᠠᠷᠤᠳᠠᠯ ᠢ ᠬᠠᠰᠤᠵᠤ ᠬᠡᠯᠲᠦᠷᠢᠭᠦᠯᠬᠦ᠂ ᠡᠷᠦᠬᠡ ᠠᠮᠠ ᠰᠢᠯᠵᠢᠭᠦᠯᠬᠦ᠂ ᠠᠯᠪᠠᠨ | ᠭᠡᠷᠡᠴᠢᠯᠡᠭᠡ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠵᠠᠷᠭᠤ ᠶᠢᠨ ᠦᠢᠯᠡᠴᠢᠯᠡᠭᠡ ᠪᠠᠭᠲᠠᠨ᠎ᠠ᠃ | ᠲᠠᠪᠤᠳᠤᠭᠠᠷ ᠲᠥᠷᠥᠯ᠄ ᠨᠠᠰᠤᠵᠢᠯ ᠤᠨ ᠦᠢᠯᠡᠴᠢᠯᠡᠭᠡᠨ ᠤ ᠲᠡᠳᠬᠦᠮᠵᠢ ᠳᠤ ᠭᠡᠷ ᠪᠦᠯᠢ ᠶᠢᠨ ᠰᠤᠪᠢᠯᠠᠯᠲᠠ ᠶᠢᠨ | ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠨᠥᠬᠦᠪᠦᠷᠢ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠶᠡᠷᠦᠩᠬᠡᠶᠢᠯᠡᠭᠰᠡᠨ ᠬᠠᠷᠢᠭᠤᠴᠠᠯᠭ᠎ᠠ ᠶᠢᠨ ᠳᠠᠭᠠᠳᠬᠠᠯ᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠡᠵᠡᠩᠨᠡᠯᠲᠡ ᠶᠢᠨ ᠱᠠᠩᠨᠠᠯ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠠᠶᠢᠯᠢ ᠶᠢ ᠬᠡᠯᠳᠦᠷᠢᠭᠦᠯᠵᠦ ᠰᠦᠢᠳᠬᠡᠯ ᠢ ᠪᠠᠭᠤᠷᠠᠭᠤᠯᠬᠤ | ᠪᠠᠭᠲᠠᠨ᠎ᠠ᠃ | 2021 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ | 255.61 ᠲᠦᠮᠡ ᠪᠠᠶᠢᠵᠤ᠂ ᠪᠦᠬᠦᠯᠢ 60 ᠨᠠᠰᠤᠨ ᠠᠴᠠ ᠳᠡᠭᠡᠭᠰᠢᠬᠢ ᠡᠷᠦᠬᠡ ᠠᠮᠠ ᠶᠢᠨ ᠲᠠᠩᠰᠠ ᠲᠠᠢ | ᠨᠠᠰᠤᠲᠠᠨ 55.52 ᠲᠦᠮᠡ ᠪᠠᠶᠢᠵᠤ᠂ ᠡᠷᠦᠬᠡ ᠠᠮᠠ ᠶᠢᠨ ᠲᠠᠩᠰᠠ ᠲᠠᠢ ᠪᠦᠬᠦ ᠬᠥᠮᠥᠨ ᠠᠮᠠ ᠶᠢᠨ 21.72% ᠢ | ᠡᠵᠡᠯᠡᠵᠦ᠂ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠭᠰᠠᠨ | ᠪᠠᠶᠢᠨ᠎ᠠ᠃ ᠨᠠᠷᠢᠨ ᠬᠠᠭᠤᠳᠠᠰᠤ ᠶᠢ ᠨᠡᠶᠢᠲᠡᠯᠡᠬᠦ ᠨᠢ ᠮᠠᠨ ᠤ ᠬᠤᠲᠠ ᠶᠢᠨ ᠵᠠᠰᠠᠭ ᠤᠨ ᠣᠷᠳᠣᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢᠨ ᠬᠠᠮᠲᠤ᠂ ᠭᠡᠷ ᠪᠦᠯᠢ ᠪᠠ ᠦᠷ᠎ᠡ ᠬᠡᠦᠬᠡᠳ ᠤᠨ ᠠᠴᠢᠯᠠᠨ ᠲᠡᠵᠢᠭᠡᠬᠦ ᠡᠭᠦᠷᠭᠡ ᠪᠠᠨ | ᠰᠠᠶᠢᠲᠤᠷ ᠭᠦᠢᠴᠡᠳᠬᠡᠬᠦ ᠶᠢ ᠰᠢᠮᠳᠠᠭᠤᠯᠤᠨ᠂ ᠪᠥᠬᠦ ᠨᠡᠶᠢᠭᠡᠮ ᠢᠶᠠᠷ ᠢᠶᠠᠨ ᠬᠥᠮᠥᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠨ ᠢᠶᠠᠨ ᠠᠰᠠᠷᠠᠬᠤ᠂ | ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ | ᠠᠰᠢᠭᠲᠠᠢ ᠶᠤᠮ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠠᠷᠠᠳ ᠤᠨ ᠶᠠᠪᠤᠳᠠᠯ ᠤᠨ ᠲᠣᠪᠴᠢᠶ᠎ᠠ | ᠲᠠᠶᠢᠯᠤᠮᠵᠢ ᠬᠢᠭᠴᠢ᠄ ᠹᠠᠨ ᠲᠤᠸ᠂ ᠬᠠᠷᠢᠯᠴᠠᠬᠤ ᠤᠲᠠᠰᠤ᠄ 5196302 | |