ᠣᠶᠢᠷ᠎ᠠ ᠶᠢᠨ ᠡᠳᠦᠷ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ | ᠪᠠᠷᠢᠮᠲᠠᠯᠠᠨ᠂ ᠬᠥᠬᠡᠬᠤᠲᠠ ᠶᠢᠨ ᠬᠢᠨ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ | ᠬᠥᠬᠡᠬᠤᠲᠠ ᠶᠢᠨ ᠢᠥᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠳᠡᠳ᠋ ᠡᠷᠬᠢᠯᠡᠭᠴᠢ ᠵᠣᠣ ᠾᠧ ᠫᠢᠩ ᠢᠯᠡᠷᠬᠡᠶᠢᠯᠡᠬᠦ ᠳᠡᠭᠡᠨ᠄ ︽ᠥᠯᠥ ᠬᠠᠯᠳᠠᠭᠠᠬᠤ ᠬᠠᠯᠬᠠᠪᠴᠢ ᠶᠢ ᠪᠠᠬᠢᠵᠢᠭᠦᠯᠵᠦ᠂ | ᠠᠷᠠᠳ ᠢᠷᠭᠡᠳ ᠤᠨ ᠡᠷᠡᠭᠦᠯ ᠮᠡᠨᠳᠦ ᠶᠢ ᠬᠠᠮᠠᠭᠠᠯᠠᠨ᠂ ᠣᠯᠠᠨ ᠲᠦᠮᠡᠨ ᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠢᠥᠢ ᠴᠢᠤᠸᠠᠨ ᠲᠣᠭᠤᠷᠢᠭ ᠤᠨ ᠬᠢᠨ | ᠬᠠᠷᠢᠶ᠎ᠠ ᠣᠷᠣᠨ ᠳᠠᠭᠠᠨ 8 ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭ ᠭᠠᠷᠭᠠᠵᠤ᠂ | ᠬᠤᠲᠠ ᠶᠢᠨ ᠠᠷᠠᠳ ᠤᠨ ᠣᠶᠢᠷ᠎ᠠ ᠬᠠᠪᠢ ᠳᠠᠭᠠᠨ ᠲᠠᠷᠢᠯᠭ᠎ᠠ ᠲᠠᠷᠢᠭᠤᠯᠬᠤ ᠳᠤ ᠲᠥᠬᠦᠮ ᠦᠵᠡᠭᠦᠯᠪᠡ᠃ ᠡᠭᠦᠨ ᠠᠴᠠ | ᠭᠠᠳᠠᠨ᠎ᠠ᠂ ᠡᠯ᠎ᠡ ᠲᠠᠷᠢᠯᠭ᠎ᠠ ᠶᠢᠨ ᠴᠡᠭ ᠤᠳ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡᠨ ᠤ ᠵᠠᠭᠪᠤᠷ ᠢᠶᠠᠨ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠯᠠᠨ ᠲᠦᠮᠡᠨ ᠤ ᠬᠡᠷᠡᠭᠴᠡᠭᠡ ᠲᠠᠢ ᠨᠠᠷᠢᠯᠢᠭ ᠣᠨᠣᠴᠠᠲᠠᠢ ᠵᠣᠯᠭᠠᠭᠤᠯᠤᠨ᠂ | ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠨᠠᠩ ᠳᠥᠭᠦᠮ ᠳᠥᠲᠡ᠂ ᠨᠠᠩ ᠲᠠᠭᠠᠯᠠᠮᠵᠢᠲᠠᠢ ᠪᠣᠯᠭᠠᠨ᠎ᠠ︾ | ᠭᠡᠪᠡ᠃ 12 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ ᠬᠥᠬᠡᠬᠤᠲᠠ ᠨᠠᠰᠤᠲᠠᠶᠢᠴᠤᠳ ᠤᠨ ᠰᠢᠨ᠎ᠡ ᠲᠢᠲᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠯᠬᠢᠨ ᠠᠬᠢᠭᠤᠯᠵᠤ ᠡᠬᠢᠯᠡᠪᠡ᠃ 80 ᠨᠠᠰᠤᠨ ᠠᠴᠠ | ᠳᠡᠭᠡᠭᠰᠢᠬᠢ ᠨᠠᠰᠤᠳᠠᠶᠢᠴᠤᠳ ᠤᠨ ᠲᠠᠷᠢᠯᠭ᠎ᠠ ᠶᠢᠨ ᠨᠤᠷᠮ᠎ᠠ ᠶᠢ ᠲᠦᠷᠭᠡᠪᠴᠢᠯᠡᠨ ᠳᠡᠭᠡᠭᠰᠢᠯᠡᠭᠦᠯᠵᠦ᠂ 60 - 79 | ᠨᠠᠰᠤᠨ ᠤ ᠨᠠᠰᠤᠳᠠᠶᠢᠴᠤᠳ ᠤᠨᠲ᠋ᠠᠷᠢᠯᠭᠠ ᠶᠢᠨ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠠᠴᠠ ᠪᠣᠯᠵᠤ ᠬᠦᠨᠳᠦ ᠡᠪᠡᠳᠴᠢᠯᠡᠬᠦ ᠪᠠ ᠦᠬᠦᠬᠦ ᠶᠢ | ᠤᠷᠢᠳᠴᠢᠯᠠᠨ ᠰᠡᠷᠭᠡᠶᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠤᠳᠠᠭ᠎ᠠ | ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠪᠠ ᠪᠥᠬᠦ | ᠶᠠᠪᠤᠴᠠ ᠶᠢᠨ ᠦᠨᠳᠦᠰᠦᠨ ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠶᠢ ᠤᠤᠯ ᠤᠨ 6 ᠰᠠᠷ᠎ᠠ ᠠᠴᠠ 3 ᠰᠠᠷ᠎ᠠ | ᠪᠣᠯᠭᠠᠨ ᠲᠣᠬᠢᠷᠠᠭᠤᠯᠪᠠ᠃ |