12 ᠳ᠋ᠤᠭᠠᠷ ᠰᠠᠷ᠎ᠠ ᠶᠢᠨ 15 ᠤ ᠡᠳᠦᠷ᠂ ᠴᠢᠩ ᠱᠦᠢ ᠾᠧ ᠰᠢᠶᠠᠨ ᠬᠢᠭᠡᠳ ᠥᠪᠥᠷ ᠮᠣᠩᠭᠤᠯ ᠤᠨ ᠲᠢᠶᠧ | ᠴᠧᠨ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠬᠤᠸᠠᠨ ᠰᠢᠶᠧ | ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠴᠦᠩ ᠰᠦ᠋ ᠡᠨᠧᠷᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠶᠢᠩ ᠳ᠋ᠠ ᠬᠡᠢ | ᠪᠡᠶᠡᠲᠦ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠭ | ᠲᠥᠯᠥᠪᠯᠡᠭᠡᠨ ᠤ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠯᠤᠭ᠎ᠠ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠲᠥᠷᠥᠯ ᠵᠦᠢᠯ ᠤᠨ ᠵᠥᠪᠳᠡᠯᠴᠡᠭᠡᠷ ᠤᠨ ᠬᠤᠷᠠᠯ ᠬᠢᠪᠡ᠃ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠶᠠᠨ ᠬᠤᠷᠠᠯ ᠢ ᠡᠷᠬᠢᠯᠡᠪᠡ᠃ | | | | | ᠵᠥᠪᠳᠡᠯᠴᠡᠭᠡᠨ ᠤ ᠳᠤᠮᠳᠠ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠷᠠᠭᠠᠴᠢ ᠶᠢᠨ ᠠᠯᠬᠤᠮ ᠤᠨ | ᠬᠠᠮᠲᠤᠷᠠᠯᠴᠠᠭᠠᠨ ᠤ ᠪᠣᠬᠢᠷᠳᠯ ᠦᠭᠡᠢ ᠰᠢᠪᠲᠦᠷ ᠤᠨ ᠲᠥᠷᠥᠯ ᠵᠦᠢᠯ ᠤᠨ ᠲᠠᠯ᠎ᠠ ᠪᠠᠷ ᠲᠣᠰ ᠲᠣᠰ ᠤᠨ ᠪᠡᠯᠡ | ᠣᠷᠣᠭᠤᠯᠵᠤ ᠪᠦᠲᠦᠭᠡᠨ ᠪᠠᠶᠢᠭᠤᠯᠬᠤ ᠲᠥᠯᠦᠪᠵᠢᠭᠦᠯᠭᠡ᠂ ᠳᠠᠪᠠᠭᠤᠯᠢᠭ ᠵᠢᠴᠢ ᠲᠡᠭᠦᠨ ᠠᠴᠠ ᠪᠣᠯᠤᠭᠰᠠᠨ ᠠᠵᠤ | ᠠᠬᠤᠢ ᠨᠡᠶᠢᠭᠡᠮ ᠤᠨ ᠦᠷ᠎ᠡ ᠠᠰᠢᠭ ᠢᠶᠠᠨ ᠲᠠᠨᠢᠯᠴᠠᠭᠤᠯᠪᠠ᠃ᠵᠢᠶᠣᠣ ᠴᠢᠶᠠᠨ ᠨᠥᠬᠦᠷ ᠮᠠᠨ ᠤ ᠰᠢᠶᠠᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠣᠷᠣᠨ ᠪᠠᠶᠢᠷᠢ ᠶᠢᠨ | ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠵᠢᠴᠢ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠪᠣᠯᠣᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠠᠢ᠃ᠬᠤᠷᠠᠯ ᠳᠤ ᠣᠷᠣᠯᠴᠠᠭᠰᠠᠳ | ᠳᠠᠷᠠᠭᠠᠴᠢ ᠶᠢᠨ ᠠᠯᠬᠤᠮ ᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠣᠯᠭᠠᠭᠤᠯᠬᠤ ᠠᠵᠢᠯ ᠢ ᠬᠡᠷᠬᠢᠨ | ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠳᠤ ᠢᠳᠡᠪᠬᠢᠲᠡᠢ ᠰᠢᠯᠢᠳᠡᠭ ᠦᠢᠯᠡᠴᠢᠯᠡᠭᠡ ᠬᠠᠩᠭᠠᠵᠤ | ᠪᠠᠶᠢᠨ᠎ᠠ᠃ᠪᠡᠯᠡ ᠣᠷᠣᠭᠤᠯᠬᠤ ᠬᠤᠳᠠᠯᠳᠤᠭᠠᠴᠢᠨ ᠤ ᠮᠠᠨ ᠤ ᠰᠢᠶᠠᠨ ᠳᠤ ᠢᠷᠡᠵᠦ ᠪᠡᠯᠡ ᠣᠷᠣᠭᠤᠯᠤᠨ ᠦᠢᠯᠡᠰ | ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠵᠤ ᠠᠬᠤᠶᠢᠯᠠᠯ | ᠯᠤᠭ᠎ᠠ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠯᠴᠠᠵᠤ᠂ ᠠᠵᠤ ᠠᠬᠤᠶᠢᠯᠠᠯ ᠤᠨ | ᠠᠩᠬᠠᠷᠴᠤ ᠪᠠᠶᠢᠭ᠎ᠠ ᠪᠣᠳᠠᠲᠠᠢ ᠤᠴᠢᠷ ᠶᠠᠪᠤᠳᠠᠯ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠴᠠᠭ ᠲᠤᠬᠠᠢ | ᠳᠤᠨᠢ ᠣᠨᠣᠪᠴᠢᠲᠠᠶ ᠬᠠᠷᠢᠭᠤᠯᠲᠠ ᠥᠭᠬᠦ ᠬᠡᠷᠡᠭᠲᠡᠢ︔ᠪᠡᠯᠡ ᠣᠷᠣᠭᠤᠯᠤᠭᠰᠠᠨ ᠠᠵᠤ ᠠᠬᠤᠶᠢᠯᠠᠯ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠲᠦᠷᠭᠡᠬᠡᠨ ᠰᠠᠶᠢᠲᠤᠷ ᠬᠢᠵᠦ᠂ ᠲᠥᠯᠦᠪᠵᠢᠭᠦᠯᠭᠡ ᠪᠠ | ᠪᠦᠲᠦᠭᠡᠨ ᠪᠠᠶᠢᠭᠤᠯᠤᠯᠲᠠ ᠶᠢᠨ ᠵᠢᠷᠤᠭ ᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠶᠢᠨ ᠰᠠᠨᠠᠮᠵᠢ ᠶᠢᠨ | ᠪᠢᠴᠢᠭ ᠲᠤ ᠭᠠᠷ ᠤᠨ ᠦᠰᠦᠭ ᠵᠢᠷᠤᠵᠤ᠂ ᠲᠦᠷᠦᠯ ᠵᠦᠢᠯ ᠤᠨ ᠬᠠᠮᠲᠤᠷᠠᠯᠴᠠᠭᠠᠨ ᠤ ᠠᠬᠢᠴᠠ ᠶᠢ ᠲᠦᠷᠭᠡᠳᠬᠡᠵᠦ᠂ | ᠲᠦᠷᠦᠯ ᠵᠦᠢᠯ ᠤᠨ ᠡᠷᠲᠡ ᠭᠡᠷ᠎ᠡ ᠲᠣᠭᠲᠠᠬᠤ᠂ ᠲᠦᠷᠭᠡᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ | ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠢᠩ | ᠱᠦᠢ ᠾᠧ ᠰᠢᠶᠠᠨ ᠤ ᠠᠵᠤ ᠦᠢᠯᠡᠰ ᠤᠨ ᠬᠦᠷᠢᠶᠡᠯᠡᠩ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ | ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠮᠢ ᠠᠬᠤᠢ ᠶᠢᠨ ᠣᠷᠴᠢᠨ | ᠨᠥᠬᠦᠴᠡᠯ ᠤᠨ ᠬᠤᠪᠢᠶᠠᠷᠢ ᠲᠣᠪᠴᠢᠶ᠎ᠠ᠂ ᠴᠢᠩ ᠱᠦᠢ ᠾᠧ ᠴᠠᠬᠢᠯᠭᠠᠨ ᠬᠠᠩᠭᠠᠬᠤ ᠺᠣᠮᠫᠠᠨᠢ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |