ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠠᠴᠠ | ᠣᠶᠢᠯᠠᠭᠠᠭᠰᠠᠨ ᠢᠶᠠᠷ᠂ ᠲᠣᠰ ᠡᠮᠨᠡᠯᠭᠡ ᠶᠢᠨ ᠬᠤᠷᠢᠶ᠎ᠠ 12 ᠳ᠋ᠤᠭᠠᠷ ᠰᠠᠷ᠎ᠠ ᠶᠢᠨ 14 ᠤ ᠡᠳᠦᠷ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠰᠦᠯᠵᠢᠶᠡᠨ ᠳᠡᠭᠡᠷᠡᠬᠢ ᠡᠭᠦᠳᠡᠨ ᠡᠮᠨᠡᠯᠭᠡ ᠶᠢ ᠨᠡᠭᠡᠭᠡᠵᠦ᠂ ᠰᠦᠯᠵᠢᠶᠡᠨ | ᠳᠡᠭᠡᠷ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠵᠣᠷ ᠪᠠ ᠵᠠᠰᠠᠬᠤ ᠵᠣᠷ ᠭᠠᠷᠭᠠᠵᠤ ᠪᠣᠯᠣᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ | ᠬᠤᠷᠢᠶ᠎ᠠ ᠶᠢᠨ ᠰᠦᠯᠵᠢᠶᠡᠨ ᠳᠡᠭᠡᠷ᠎ᠡ ᠨᠡᠭᠡᠭᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ | ᠰᠢᠨ᠎ᠡ ᠡᠭᠦᠳᠡᠨ ᠡᠮᠨᠡᠯᠭᠡ ᠪᠣᠯ ᠪᠠᠴᠢᠮ ᠡᠮᠨᠡᠭᠦᠯᠬᠦ ᠬᠡᠷᠡᠭᠴᠡᠭᠡ ᠱᠠᠭᠠᠷᠳᠠᠯᠭ᠎ᠠ ᠦᠭᠡᠢ ᠣᠯᠠᠨ ᠲᠦᠮᠡᠨ ᠳᠤ ᠨᠡᠭᠡᠭᠡᠵᠦ | ᠥᠭᠭᠦᠭᠰᠡᠨ ᠠᠰᠠᠭᠤᠨ ᠡᠮᠴᠢᠯᠡᠭᠦᠯᠵᠦ ᠡᠮ ᠬᠤᠳᠠᠯᠳᠤᠨ ᠠᠪᠬᠤ ᠰᠦᠯᠵᠢᠶᠡᠨ ᠤ ᠠᠷᠭ᠎ᠠ ᠵᠠᠮ ᠮᠥᠨ᠃ ᠬᠥᠮᠥᠰ | ᠸᠢᠴᠠᠲ ᠤᠨ ᠵᠢᠵᠢᠭ ᠫᠷᠣᠭ᠍ᠷᠠᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ | ᠬᠤᠷᠢᠶ᠎ᠠ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ ᠬᠠᠶᠢᠵᠤ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠵᠠᠰᠠᠬᠤ ᠡᠭᠦᠳᠡᠨ ᠡᠮᠨᠡᠯᠭᠡ︾ ᠶᠢᠨ ᠲᠤᠰᠬᠠᠢ ᠪᠤᠯᠤᠩ ᠳᠤ ᠣᠷᠣᠵᠤ᠂ ᠡᠮᠨᠡᠭᠦᠯᠬᠦ ᠡᠮᠴᠢ ᠪᠠᠨ | ᠰᠣᠩᠭᠤᠨ ᠰᠦᠯᠵᠢᠶᠡᠨ ᠳᠡᠭᠡᠷ᠎ᠡ ᠠᠴᠠ ᠠᠰᠠᠭᠤᠨ ᠯᠠᠪᠯᠠᠵᠤ ᠪᠣᠯᠣᠨ᠎ᠠ᠃ ᠠᠰᠠᠭᠤᠨ ᠯᠠᠪᠯᠠᠬᠤ ᠳᠤ ᠪᠠᠨ ᠸᠢᠳᠢᠤ᠋ ᠪᠠᠷ᠂ | ᠵᠢᠷᠤᠭ ᠦᠰᠦᠭ ᠢᠶᠠᠷ ᠪᠤᠶᠤ ᠳᠠᠭᠤ ᠠᠪᠢᠶ᠎ᠠ ᠪᠠᠷ ᠠᠰᠠᠭᠤᠵᠤ ᠪᠣᠯᠣᠨ᠎ᠠ᠃ ᠠᠰᠠᠭᠤᠨ ᠣᠨᠣᠰᠢᠯᠠᠵᠤ ᠳᠠᠭᠤᠰᠤᠭᠰᠠᠨ ᠤ | ᠳᠠᠷᠠᠭ᠎ᠠ ᠵᠠᠷᠤᠳᠠᠯ ᠲᠤᠰᠢᠶᠠᠬᠤ ᠦᠶ᠎ᠡ ᠳᠤ ᠥᠪᠡᠷ ᠢᠶᠠᠨ ᠵᠠᠷᠤᠳᠠᠯ ᠲᠤᠰᠢᠶᠠᠬᠤ ᠪᠤᠶᠤ ᠡᠮ ᠡᠮᠨᠡᠯᠭᠡ ᠶᠢᠨ | ᠳᠠᠭᠠᠳᠬᠠᠯ ᠢ ᠬᠡᠷᠡᠭᠯᠡᠵᠦ ᠳ᠋ᠦᠩᠨᠡᠨ ᠪᠣᠳᠣᠬᠤ ᠶᠢ ᠰᠣᠩᠭᠤᠵᠤ᠂ ᠡᠮ ᠤᠨ ᠵᠦᠢᠯ ᠢ ᠡᠮᠨᠡᠯᠭᠡ ᠳᠤ ᠬᠦᠷᠴᠦ ᠥᠪᠡᠷ ᠢᠶᠠᠨ | ᠭᠠᠷᠭᠠᠨ ᠠᠪᠬᠤ ᠪᠤᠶᠤ ᠥᠪᠡᠷ ᠢᠶᠠᠨ ᠰᠢᠤᠳᠠᠨ ᠤ ᠵᠠᠷᠤᠳᠠᠯ ᠲᠤᠰᠢᠶᠠᠵᠤ ᠰᠢᠤᠳᠠᠨ ᠢᠶᠠᠷ ᠢᠯᠡᠭᠡᠵᠦ ᠪᠣᠯᠣᠨ᠎ᠠ᠃ | 14 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠠᠷᠠᠳ ᠯᠢ ᠠᠪᠠᠭ᠋ᠠᠢ ᠭᠡᠷ ᠲᠤ ᠪᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠡᠮᠴᠢ ᠲᠠᠢ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠲᠠᠰᠤᠭ ᠢᠶᠠᠷ ᠳᠠᠮᠵᠢᠭᠤᠯᠤᠨ ᠰᠠᠨᠠᠯ ᠢᠶᠠᠨ | ᠰᠣᠯᠢᠯᠴᠠᠵᠤ᠂ ᠡᠮᠴᠢ ᠲᠡᠭᠦᠨ ᠤ ᠪᠡᠶ᠎ᠡ ᠶᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠭᠦᠨ ᠳᠤ ᠵᠣᠷ ᠪᠢᠴᠢᠵᠦ | ᠥᠭᠴᠡᠢ᠃ ︽ᠭᠠᠷ ᠤᠲᠠᠰᠤ ᠬᠡᠷᠡᠭᠯᠡᠪᠡᠯ ᠮᠠᠰᠢ ᠳᠥᠭᠦᠮ ᠪᠠᠶᠢᠵᠤ᠂ ᠭᠡᠷ ᠲᠤ ᠪᠠᠨ ᠡᠪᠡᠳᠴᠢᠨ ᠢᠶᠠᠨ ᠦᠵᠡᠭᠦᠯᠵᠦ | ᠴᠢᠳᠠᠳᠠᠭ ᠪᠣᠯᠬᠤᠷ ᠡᠮᠨᠡᠯᠭᠡ ᠶᠢᠨ ᠬᠤᠷᠢᠶ᠎ᠠ ᠳᠤ ᠣᠴᠢᠬᠤ ᠴᠢᠬᠤᠯᠠ ᠦᠭᠡᠢ᠂ ᠴᠠᠭ ᠬᠦᠴᠦ ᠶᠢ ᠨᠡᠯᠢᠶᠡᠳ ᠠᠷᠪᠢᠯᠠᠬᠤ | ᠪᠣᠯᠪᠠ︾ ᠭᠡᠵᠦ ᠯᠢ ᠠᠪᠠᠭ᠋ᠠᠢ ᠸᠢᠳᠢᠤ᠋ ᠪᠠᠷ ᠣᠨᠤᠰᠢᠯᠠᠭᠤᠯᠤᠭᠰᠠᠨ ᠢᠶᠠᠨ ᠶᠠᠷᠢᠵᠤ ᠪᠠᠶᠢᠪᠠ᠃ | ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ | ᠬᠤᠷᠢᠶ᠎ᠠ ᠠᠴᠠ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠣᠯᠠᠨ ᠤᠳᠠᠭ᠎ᠠ | ᠰᠤᠳᠤᠯᠤᠯᠲᠠ ᠭᠡᠷᠡᠴᠢᠯᠡᠯᠲᠡ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠲᠠᠳ ᠡᠮᠨᠡᠯᠭᠡ ᠶᠢᠨ ᠣᠨᠣᠰᠢᠯᠠᠨ ᠡᠮᠴᠢᠯᠡᠬᠦ ᠲᠥᠰᠥᠯ ᠢᠶᠠᠷ ᠯᠠᠪᠯᠠᠯᠲᠠ ᠪᠣᠯᠭᠠᠵᠤ᠂ ᠮᠠᠨ ᠤ | ᠣᠷᠣᠨ ᠤ ᠠᠭᠤᠷ ᠠᠮᠢᠰᠬᠤᠯ᠂ ᠬᠥᠮᠥᠨ ᠰᠣᠶᠣᠯ ᠤᠨ ᠣᠷᠴᠢᠨ ᠲᠣᠭᠤᠷᠢᠨ ᠵᠡᠷᠭᠡ ᠣᠨᠴᠠᠯᠢᠭ ᠢ ᠦᠨᠳᠦᠰᠦᠯᠡᠨ᠂ | ᠲᠣᠰ ᠤᠳᠠᠭᠠᠨ ᠤ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠳᠤ ᠴᠢᠭᠯᠡᠭᠦᠯᠦᠭᠰᠡᠨ | ᠬᠢᠲᠠᠳ ᠡᠮ ᠡᠮᠨᠡᠯᠭᠡ ᠶᠢᠨ ᠣᠨᠣᠰᠢᠯᠠᠨ ᠡᠮᠴᠢᠯᠡᠬᠦ ᠲᠥᠰᠥᠯ ᠢ ᠳ᠋ᠦᠩᠨᠡᠨ ᠭᠠᠷᠭᠠᠵᠤ᠂ ᠨᠠᠰᠤᠨ ᠳᠤ ᠭᠦᠷᠦᠭᠰᠡᠳ ᠤᠨ | 1 ᠳ᠋ᠦ᠋ᠭᠡᠷ ᠲᠣᠭᠠᠲᠤ ᠵᠣᠷ ︵ᠰᠡᠷᠭᠡᠶᠢᠯᠡᠬᠦ ᠵᠣᠷ︶᠂ ᠨᠠᠰᠤᠨ ᠳᠤ ᠭᠦᠷᠦᠭᠰᠡᠳ ᠤᠨ 2 ᠳ᠋ᠤᠭᠠᠷ ᠲᠣᠭᠠᠲᠤ ᠵᠣᠷ ︵ᠵᠠᠰᠠᠬᠤ | ᠵᠣᠷ︶᠂ ᠬᠡᠦᠬᠡᠳ ᠤᠨ 1 ᠳ᠋ᠦ᠋ᠭᠡᠷ ᠲᠣᠭᠠᠲᠤ ᠵᠣᠷ ︵ᠰᠡᠷᠭᠡᠶᠢᠯᠡᠬᠦ ᠵᠣᠷ︶ ᠪᠠ ᠬᠡᠦᠬᠡᠳ ᠤᠨ 2 ᠳ᠋ᠤᠭᠠᠷ ᠲᠣᠭᠠᠲᠤ ᠵᠣᠷ | ︵ᠵᠠᠰᠠᠬᠤ ᠵᠣᠷ︶ ᠢ ᠲᠣᠭᠲᠠᠭᠠᠵᠤ᠂ ᠡᠲᠡᠭᠡᠷ ᠵᠣᠷ ᠢ ᠴᠥᠮ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠠᠴᠠ | ᠬᠤᠳᠠᠯᠳᠤᠨ ᠠᠪᠴᠤ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ | ᠫᠧᠩ ᠵᠢᠶᠠᠨ ᠹᠧᠩ ᠤᠨ ᠲᠠᠨᠢᠯᠴᠠᠭᠤᠯᠤᠭᠰᠠᠨ ᠢᠶᠠᠷ᠂ ᠭᠡᠷ ᠲᠤ ᠪᠠᠨ ᠡᠮᠨᠡᠭᠦᠯᠵᠦ ᠪᠠᠶᠢᠭ᠎ᠠ ᠡᠪᠡᠳᠴᠢᠲᠡᠨ ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠭᠦᠳᠡᠨ ᠡᠮᠨᠡᠯᠭᠡ ᠳᠤ | ᠬᠦᠷᠴᠦ ᠡᠮᠴᠢᠯᠡᠭᠦᠯᠬᠦ ᠳᠤ ᠪᠠᠨ ᠡᠮᠴᠢ ᠨᠠᠷ ᠡᠪᠡᠳᠴᠢᠲᠡᠨ ᠤ ᠬᠤᠪᠢ ᠬᠥᠮᠥᠨ ᠤ ᠪᠠᠶᠢᠳᠠᠯ ᠢ ᠬᠤᠪᠢᠰᠤᠩᠭᠤᠢ ᠪᠠᠷ | ᠡᠮᠨᠡᠨ ᠵᠠᠰᠠᠵᠤ᠂ ᠳᠠᠷᠠᠭ᠎ᠠ ᠨᠢ ᠬᠤᠪᠢ ᠬᠥᠮᠥᠨ ᠤ ᠡᠪᠡᠳᠴᠢᠨ ᠤ ᠪᠠᠶᠢᠳᠠᠯ ᠢ ᠦᠨᠳᠦᠰᠦᠯᠡᠨ᠂ ᠡᠪᠡᠳᠴᠢᠲᠡᠨ ᠳᠤ ᠨᠠᠩ | ᠰᠠᠶᠢᠨ ᠣᠨᠣᠰᠢᠯᠠᠨ ᠡᠮᠴᠢᠯᠡᠬᠦ ᠲᠥᠰᠥᠯ ᠭᠠᠷᠭᠠᠵᠤ ᠥᠭᠭᠦᠨ᠎ᠡ᠃ |