| | ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ | ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠵᠥᠩ ᠴᠢ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ | ᠫᠢᠩ ᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ | ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ ᠶᠢ ᠳᠥᠭᠦᠮᠬᠡᠨ | ᠲᠠᠨᠢᠯᠴᠠᠭᠤᠯᠤᠨ᠎ᠠ ᠤᠤ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ | ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠵᠥᠩ ᠴᠢ᠄ | ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠪᠣᠯ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠭ᠎ᠠ ᠮᠦᠨ᠂ ᠭᠤᠣᠯᠳᠠᠭᠤ ᠳᠣᠲᠣᠭᠠᠳᠤ ᠶᠢ ᠬᠠᠮᠠᠭᠠᠯᠠᠬᠤ ᠵᠠᠰᠠᠭ | ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠦᠢᠯᠡᠴᠢᠯᠡᠭᠡᠨ ᠤ ᠠᠵᠢᠯ ᠢ ᠬᠢᠳᠡᠭ᠃ ᠨᠢᠭᠡ | ᠲᠠᠯ᠎ᠠ ᠪᠠᠷ ᠬᠤᠲᠠ ᠶᠢᠨ ᠲᠣᠰ ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠶᠡᠭᠡ | ᠲᠢᠩᠬᠢᠮ ᠤᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠡ᠃ ᠨᠦᠭᠦᠭᠡ ᠲᠠᠯ᠎ᠠ ᠪᠠᠷ | ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ | ᠨᠡᠮᠡᠭᠳᠡᠭᠦᠯᠦᠨ᠎ᠡ᠃ | ᠬᠥᠲᠥᠯᠥᠭᠴᠢ᠄ | ᠮᠠᠨ ᠤ ᠬᠤᠲᠠ ᠶᠢᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠳᠣᠲᠣᠭᠠᠳᠤ ᠶᠢ ᠬᠠᠮᠠᠭᠠᠯᠠᠬᠤ ᠴᠣᠩᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠶᠠᠮᠠᠷ ᠵᠡᠷᠭᠡ ᠪᠣᠢ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ | ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠵᠥᠩ ᠴᠢ᠄ | ᠣᠶᠢᠷ᠎ᠠ ᠶᠢᠨ ᠬᠡᠳᠦᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠳᠣᠣᠷ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠨᠢ ︽ᠠᠷᠠᠳ ᠲᠦᠮᠡᠨ ᠢᠶᠠᠷ ᠭᠤᠣᠯ ᠪᠣᠯᠭᠠᠬᠤ︾ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠠᠷᠠᠳ ᠤᠨ ᠠᠮᠢᠳᠤᠷᠠᠯ ᠳᠤ ᠦᠢᠯᠡᠴᠢᠯᠡᠬᠦ︾ ᠪᠠᠷ ᠬᠠᠷᠠᠯᠲᠠ | ᠪᠠ ᠵᠣᠷᠢᠯᠲᠠ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ | 2019 ᠣᠨ ᠤ 10 ᠳ᠋ᠤᠭᠠᠷ ᠰᠠᠷ᠎ᠠ ᠶᠢᠨ 21 ᠤ ᠡᠳᠦᠷ ᠬᠤᠲᠠ ᠶᠢᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ ᠳᠠᠭᠤᠰᠬᠠᠭᠠᠳ ᠡᠬᠢᠯᠡᠵᠦ ᠠᠵᠢᠯᠯᠠᠭᠤᠯᠤᠭᠰᠠᠨ ᠤ | ᠳᠠᠷᠠᠭ᠎ᠠ᠂ ᠬᠢᠨᠠᠨ ᠵᠥᠪᠰᠢᠶᠡᠷᠡᠬᠦ ᠲᠥᠪ ᠪᠦᠬᠦᠯᠢ ᠴᠣᠭᠴᠠ ᠪᠠᠷ ᠢᠶᠠᠨ ᠶᠡᠭᠡ ᠲᠢᠩᠬᠢᠮ ᠳᠤ ᠣᠷᠣᠵᠤ ᠰᠠᠭᠤᠭᠠᠳ᠂ | ᠶᠡᠷᠦᠩᠬᠡᠶᠢᠯᠡᠭᠰᠡᠨ ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠥᠪᠡᠰᠦᠪᠡᠨ ᠭᠦᠢᠴᠡᠳᠬᠡᠬᠦ | ᠲᠣᠭᠤᠷᠢᠭ᠂ ᠮᠠᠰᠢᠨ ᠬᠦᠳᠡᠯᠭᠡᠭᠦᠷᠲᠦ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ᠂ ᠰᠦᠯᠵᠢᠶᠡᠨ ᠤ ᠠᠯᠪᠠᠨ | ᠭᠡᠷ ᠤᠨ ᠲᠥᠪ ᠵᠡᠷᠭᠡ ᠲᠠᠪᠤᠨ ᠶᠡᠭᠡ ᠴᠢᠳᠠᠮᠵᠢᠲᠤ ᠣᠷᠣᠨ ᠢ ᠪᠠᠶᠢᠭᠤᠯᠤᠭᠰᠠᠨ ᠪᠠᠶᠢᠨ᠎ᠠ᠃ | ᠶᠡᠷᠦᠩᠬᠡᠶᠢᠯᠡᠭᠰᠡᠨ ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ ᠲᠤ᠂ ᠠᠮᠤᠷ | ᠲᠣᠭᠲᠠᠭᠤᠨ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ | ᠣᠷᠣᠵᠤ ᠭᠠᠷᠬᠤ᠂ ᠬᠤᠲᠠ ᠶᠢᠨ ᠬᠠᠮᠢᠶᠠᠷᠤᠯᠲᠠ᠂ ᠠᠶᠤᠯ ᠠᠴᠠ ᠬᠠᠮᠠᠭᠠᠯᠠᠬᠤ᠂ ᠥᠪᠥᠷ ᠮᠣᠩᠭᠤᠯ ᠤᠨ ᠲᠦᠷᠭᠡᠨ ᠤ | ᠵᠠᠮ ᠤᠨ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠢ | ᠲᠥᠪᠯᠡᠷᠡᠭᠦᠯᠦᠨ ᠣᠷᠣᠭᠤᠯᠵᠤ ᠰᠠᠭᠤᠯᠭᠠᠬᠤ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ | ᠠᠵᠢᠯ ᠶᠠᠪᠤᠳᠠᠯ ᠤᠨ ︽ᠲᠣᠮᠣ ᠴᠣᠩᠬᠤ︾ ᠶᠢ ᠪᠦᠷᠢᠯᠳᠦᠭᠦᠯᠵᠦ᠂ ᠠᠷᠠᠳ ᠲᠤ ᠲᠥᠬᠦᠮ ᠦᠵᠡᠭᠦᠯᠬᠦ 100 | ᠭᠠᠷᠤᠢ ᠵᠦᠢᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ︽ᠨᠢᠭᠡ ᠥᠷᠲᠡᠭᠡ ᠮᠠᠶ᠋ᠢᠭ︾ ᠢᠶᠠᠷ | ᠶᠡᠷᠦᠩᠬᠡᠶᠢᠯᠡᠨ ᠭᠦᠢᠴᠡᠳᠬᠡᠵᠦ᠂ ︽ᠨᠢᠭᠡ ᠡᠭᠦᠳᠡ︾ ᠪᠠᠷ ᠣᠷᠣᠪᠠᠯ ᠳᠠᠷᠤᠢ ᠡᠯ᠎ᠡ ᠲᠥᠷᠥᠯ ᠤᠨ ᠳᠣᠲᠣᠭᠠᠳᠤ ᠶᠢ | ᠬᠠᠮᠠᠭᠠᠯᠠᠬᠤ ᠠᠵᠢᠯ ᠶᠠᠪᠤᠳᠠᠯ ᠢ ᠭᠦᠢᠴᠡᠳᠬᠡᠵᠦ ᠪᠣᠯᠬᠤ ᠶᠢ ᠪᠡᠶᠡᠯᠡᠭᠦᠯᠵᠦ᠂ ᠥᠩᠭᠡᠷᠡᠭᠰᠡᠨ ᠤ ᠣᠯᠠᠨ ᠲᠦᠮᠡᠨ ᠤ | ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠭᠦᠢᠴᠡᠳᠬᠡᠬᠦ ᠪᠠᠷ ᠣᠯᠠᠨ ᠭᠠᠵᠠᠷ ᠲᠤ ᠶᠠᠭᠠᠷᠠᠯᠳᠤᠵᠤ ᠪᠠᠶᠢᠭᠰᠠᠨ | ᠪᠠᠶᠢᠳᠠᠯ ᠢ ᠬᠤᠪᠢᠷᠠᠭᠤᠯᠪᠠ᠃ ᠵᠥᠪᠬᠡᠨ 2021 ᠣᠨ ᠳᠤ 50 ᠭᠠᠷᠤᠢ ᠲᠦᠮᠡᠨ ᠳᠣᠲᠣᠭᠠᠳᠤ ᠶᠢ ᠬᠠᠮᠠᠭᠠᠯᠠᠬᠤ | ᠠᠵᠢᠯ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠵᠡᠢ᠂ ᠢᠯᠠᠩᠭᠤᠶ᠎ᠠ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠬᠡᠬᠦ ᠨᠢ ᠤᠯᠠᠮ ᠢᠶᠠᠷ ᠨᠡᠮᠡᠭᠳᠡᠬᠦ ᠬᠠᠨᠳᠤᠰᠢ ᠲᠠᠢ ᠪᠣᠯᠪᠠ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠶᠠᠪᠤᠳᠠᠯ ᠤᠨ ᠬᠡᠮᠵᠢᠶ᠎ᠡ ᠨᠡᠮᠡᠭᠳᠡᠵᠦ ᠪᠠᠶᠢᠭ᠎ᠠ ᠪᠠᠶᠢᠳᠠᠯ ᠳᠤ | ᠴᠢᠭᠯᠡᠭᠦᠯᠦᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠶᠠᠪᠤᠳᠠᠯ ᠭᠦᠢᠴᠡᠳᠬᠡᠬᠦ | ᠲᠤᠰᠬᠠᠢ ᠣᠷᠣᠨ ᠨᠡᠮᠡᠨ ᠪᠠᠶᠢᠭᠤᠯᠵᠤ᠂ ᠵᠢᠯᠣᠭᠤᠴᠢ ᠶᠢᠨ ᠦᠨᠡᠮᠯᠡᠯ ᠢ ᠨᠥᠬᠦᠪᠦᠷᠢᠯᠡᠬᠦ᠂ ᠰᠣᠯᠢᠵᠤ ᠠᠪᠬᠤ᠂ ᠠᠶᠠᠯᠠᠨ | ᠶᠠᠪᠤᠬᠤ ᠦᠨᠡᠮᠯᠡᠯ ᠢ ᠨᠥᠬᠦᠪᠦᠷᠢᠯᠡᠬᠦ᠂ ᠰᠣᠯᠢᠵᠤ ᠠᠪᠬᠤ ᠵᠡᠷᠭᠡ ᠡᠯ᠎ᠡ ᠵᠦᠢᠯ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠵᠢᠯ ᠶᠠᠪᠤᠳᠠᠯ ᠢ ᠭᠦᠢᠴᠡᠳᠬᠡᠪᠡ᠃ ᠡᠭᠦᠨ ᠤ ᠬᠠᠮᠲᠤ 2021 ᠣᠨ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠡᠭᠦᠨ ᠲᠠᠯ᠎ᠠ ᠶᠢᠨ ᠲᠡᠷᠭᠡᠨ ᠵᠣᠭᠰᠣᠭᠠᠯ ᠳᠤ ᠮᠠᠰᠢᠨ | ᠬᠦᠳᠡᠯᠭᠡᠬᠦᠷᠲᠦ ᠲᠡᠷᠭᠡᠨ ᠤ ᠪᠠᠶᠢᠴᠠᠭᠠᠨ ᠰᠢᠯᠭᠠᠬᠤ ᠲᠣᠭᠤᠷᠢᠭ ᠪᠠᠶᠢᠭᠤᠯᠵᠤ᠂ ᠲᠡᠷᠭᠡ ᠵᠢᠯᠤᠭᠤᠳᠬᠤ | ᠬᠠᠮᠢᠶᠠᠷᠤᠯᠲᠠ ᠶᠢᠨ 18 ᠵᠦᠢᠯ ᠤᠨ ᠲᠤᠬᠠᠶᠢᠯᠠᠭᠰᠠᠨ ᠠᠵᠢᠯ ᠢ ᠰᠢᠨ᠎ᠡ ᠪᠠᠷ ᠨᠡᠮᠡᠵᠦ᠂ ᠠᠷᠠᠳ ᠣᠯᠠᠨ ᠤ ︽ᠨᠢᠭᠡ | ᠥᠷᠲᠡᠭᠡ ᠮᠠᠶ᠋ᠢᠭ︾ ᠢᠶᠠᠷ ᠮᠠᠰᠢᠨ ᠬᠦᠳᠡᠯᠭᠡᠭᠦᠷᠲᠦ ᠲᠡᠷᠭᠡ ᠶᠢ ᠳᠡᠩᠰᠡᠯᠡᠨ ᠲᠡᠮᠳᠡᠭᠯᠡᠬᠦ᠂ ᠭᠠᠷ ᠳᠠᠮᠵᠢᠭᠰᠠᠨ ᠮᠠᠰᠢᠨ | ᠲᠡᠷᠭᠡᠨ ᠤ ᠡᠷᠦᠬᠡ ᠰᠣᠯᠢᠬᠤ ᠵᠡᠷᠭᠡ ᠡᠯ᠎ᠡ ᠵᠦᠢᠯ ᠤᠨ ᠠᠵᠢᠯ ᠶᠠᠪᠤᠳᠠᠯ ᠤᠨ ᠬᠡᠷᠡᠭᠴᠡᠭᠡ ᠶᠢ ᠬᠠᠩᠭᠠᠵᠤ᠂ | ᠬᠥᠬᠡᠬᠤᠲᠠ ᠶᠢᠨ ᠵᠡᠭᠦᠨ ᠬᠡᠰᠡᠭ ᠤᠨ ᠬᠤᠲᠠ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠬᠤᠭᠤᠰᠤᠨ ᠢ | ᠨᠥᠬᠦᠪᠦᠷᠢᠯᠡᠪᠡ᠃ | ᠥᠪᠡᠰᠦᠪᠡᠨ ᠬᠦᠢᠴᠡᠳᠭᠡᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠣᠭᠤᠷᠢᠭ ᠲᠤ ᠳᠣᠲᠣᠭᠠᠳᠤ ᠶᠢ | ᠬᠠᠮᠠᠭᠠᠯᠠᠬᠤ ᠡᠯ᠎ᠡ ᠲᠥᠷᠥᠯ ᠤᠨ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠤᠨ ᠥᠪᠡᠰᠦᠪᠡᠨ | ᠬᠦᠢᠴᠡᠳᠭᠡᠬᠦ ᠲᠥᠬᠦᠭᠡᠷᠦᠮᠵᠢ ᠶᠢ 13 ᠶᠢ ᠲᠠᠯᠪᠢᠵᠤ᠂ ︽24 ᠴᠠᠭ ᠡᠭᠦᠳᠡ ᠪᠠᠨ ᠬᠠᠭᠠᠬᠤ ᠦᠭᠡᠢ︾ | ᠦᠢᠯᠡᠴᠢᠯᠡᠭᠡ ᠶᠢ ᠪᠡᠶᠡᠯᠡᠭᠦᠯᠵᠦ᠂ ᠣᠯᠠᠨ ᠲᠦᠮᠡᠨ 24 ᠴᠠᠭ ᠲᠤ ᠮᠤᠵᠢ ᠶᠢᠨ ᠳᠣᠲᠣᠷᠠᠬᠢ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠵᠡᠷᠭᠡ ᠥᠨᠳᠥᠷ ᠳᠠᠪᠲᠠᠮᠵᠢᠲᠤ ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠢ ᠬᠡᠵᠢᠶ᠎ᠡ | ᠴᠠᠭ ᠲᠤ ᠴᠤ ᠭᠦᠢᠴᠡᠳᠬᠡᠬᠦ ᠪᠤᠶᠤ ᠦᠨᠡᠮᠯᠡᠯ ᠠᠪᠴᠤ ᠪᠣᠯᠣᠨ᠎ᠠ᠃ | ᠬᠥᠲᠥᠯᠥᠭᠴᠢ᠄ | ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠠᠵᠢᠯ ᠨᠢ ᠮᠠᠨ ᠤ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠪᠠᠶᠢᠳᠠᠭ᠂ ᠣᠯᠠᠨ ᠢᠶᠠᠷ ᠢᠶᠠᠨ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ | ᠭᠠᠷᠬᠤ᠂ ᠠᠮᠤᠷ ᠢ ᠬᠠᠮᠠᠭᠠᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ ᠠᠵᠢᠯ ᠳᠤ ᠬᠤᠯᠪᠣᠭᠳᠠᠬᠤ ᠲᠤᠬᠠᠶᠢᠯᠠᠭᠰᠠᠨ | ᠠᠵᠢᠯ ᠢ ᠴᠥᠮ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ | ᠬᠢᠨᠠᠨ ᠵᠥᠪᠰᠢᠶᠡᠷᠡᠬᠦ ᠲᠥᠪ ᠲᠤ ᠣᠴᠢᠵᠤ ᠭᠦᠢᠴᠡᠳᠬᠡᠵᠦ ᠪᠣᠯᠣᠨ᠎ᠠ᠂ ᠠᠵᠢᠯᠯᠠᠬᠤ ᠭᠠᠵᠠᠷ ᠨᠢ ᠬᠠᠮᠢᠭ᠎ᠠ ᠪᠠᠶᠢᠬᠤ | ᠪᠣᠶ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠄ | ᠮᠠᠨ ᠤ ᠠᠵᠢᠯᠯᠠᠬᠤ ᠭᠠᠵᠠᠷ ᠪᠣᠯ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ 6 ᠳ᠋ᠤᠭᠠᠷ ᠨᠣᠮᠧᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠨ | ᠠᠰᠠᠷ ᠤᠨ ᠡᠰᠡᠷᠭᠦ ᠲᠠᠯ᠎ᠠ᠂ ᠳᠠᠷᠤᠢ ᠬᠥᠮᠥᠰ ᠤᠨ ᠦᠷᠭᠦᠯᠵᠢ ᠬᠡᠯᠡᠳᠡᠭ ᠴᠡᠯᠡᠭᠡᠷ ᠲᠠᠯ᠎ᠠ ᠶᠡᠭᠡ ᠬᠥᠭᠦᠷᠭᠡ ᠶᠢᠨ ᠵᠡᠭᠦᠨ | ᠡᠮᠦᠨ᠎ᠡ ᠲᠠᠯ᠎ᠠ᠂ ᠬᠥᠬᠡᠬᠤᠲᠠ ᠶᠢᠨ ︽ᠥᠪᠥᠷ ᠮᠣᠩᠭᠤᠯ᠂ ᠬᠥᠬᠡᠬᠤᠲᠠ︾ ᠬᠤᠶᠠᠷ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 1 ᠳ᠋ᠤᠭᠡᠷ ᠳᠠᠪᠬᠤᠷᠭ᠎ᠠ ᠪᠣᠯᠣᠨ᠎ᠠ᠃ ᠠᠵᠤ ᠠᠬᠤᠶᠢᠯᠠᠯ᠂ | ᠣᠯᠠᠨ ᠲᠦᠮᠡᠨ ᠤ ᠵᠠᠰᠠᠭ ᠤᠨ ᠶᠠᠪᠤᠳᠠᠯ ᠤᠨ ᠲᠢᠩᠬᠢᠮ ᠳᠤ ᠬᠦᠷᠴᠦ ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ | ᠭᠦᠢᠴᠡᠳᠬᠡᠬᠦ ᠶᠢ ᠪᠠᠶᠠᠷᠯᠠᠨ ᠤᠭᠲᠤᠨ᠎ᠠ᠃ | ᠬᠥᠲᠥᠯᠥᠭᠴᠢ᠄ | ᠣᠯᠠᠨ ᠢᠶᠠᠷ ᠢᠶᠠᠨ ᠮᠠᠨ ᠤ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠲᠤ ᠬᠦᠷᠴᠦ ᠠᠵᠢᠯ | ᠶᠠᠪᠤᠳᠠᠯ ᠭᠦᠢᠴᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡᠨ ᠳᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠵᠢᠴᠢ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠶᠢᠨ ᠲᠥᠯᠥᠭᠡ ᠶᠠᠮᠠᠷ ᠠᠵᠢᠯ ᠬᠢᠭᠰᠡᠨ ᠲᠤᠬᠠᠢ | ᠲᠠᠨᠢᠯᠴᠠᠭᠤᠯᠤᠭᠠᠳ ᠥᠭᠭᠦᠨ᠎ᠡ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠄ | | | | | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠤᠬᠠᠭᠳᠠᠬᠤᠨ ᠢ 2015 ᠣᠨ ᠤ 5 | ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠷᠠᠯᠳᠤᠭᠤᠯᠤᠭᠰᠠᠨ ᠪᠥᠬᠦ | ᠤᠯᠤᠰ ᠤᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ | ᠤᠶᠠᠯᠳᠤᠭᠤᠯᠵᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠬᠤ ᠠᠵᠢᠯ ᠤᠨ ᠲᠧᠯᠸᠢᠰ ᠳ᠋ᠢᠶᠠᠩᠬᠤᠸᠠ | ᠬᠤᠷᠠᠯ ᠳᠡᠭᠡᠷ᠎ᠡ ᠠᠩᠬ᠎ᠠ ᠤᠳᠠᠭ᠎ᠠ ᠳᠤᠷᠠᠳᠤᠨ ᠭᠠᠷᠭᠠᠭᠰᠠᠨ ᠶᠤᠮ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢ ᠨᠡᠷᠡᠶᠢᠳᠦᠯ ᠪᠣᠯᠣᠨ᠎ᠠ᠂ ︽ᠪᠠᠭᠤᠯᠭᠠᠬᠤ︾ | ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠵᠥᠪᠰᠢᠶᠡᠷᠡᠯ ᠤᠨ ᠪᠠᠷᠢᠮᠵᠢᠶ᠎ᠠ ᠶᠢ | ᠳᠣᠷᠣᠭᠰᠢᠯᠠᠭᠤᠯᠬᠤ ᠶᠠᠪᠤᠳᠠᠯ ᠪᠣᠯᠣᠨ᠎ᠠ︔ ︽ᠬᠠᠮᠢᠶᠠᠷᠬᠤ︾ ᠭᠡᠳᠡᠭ ᠨᠢ ᠳᠠᠷᠤᠢ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠦᠯᠳᠦᠭᠡᠨ ᠢ ᠠᠬᠢᠭᠤᠯᠬᠤ ᠶᠠᠪᠤᠳᠠᠯ ᠪᠣᠯᠣᠨ᠎ᠠ︔ ︽ | ᠦᠢᠯᠡᠴᠢᠯᠡᠬᠦ︾ ᠭᠡᠳᠡᠭ ᠨᠢ ᠳᠠᠷᠤᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠳᠥᠭᠦᠮ ᠳᠥᠲᠡ ᠣᠷᠴᠢᠨ | ᠲᠣᠭᠤᠷᠢᠨ ᠢ ᠪᠣᠶ ᠪᠣᠯᠭᠠᠬᠤ ᠶᠢ ᠬᠡᠯᠡᠵᠦ ᠪᠣᠢ᠃ 2018 ᠣᠨ ᠤ 8 ᠳ᠋ᠤᠭᠠᠷ ᠰᠠᠷ᠎ᠠ ᠶᠢᠨ 2 ᠤᠨ ᠡᠳᠦᠷ᠂ | ᠳᠣᠲᠣᠭᠠᠳᠤ ᠶᠢ ᠬᠠᠮᠠᠭᠠᠯᠠᠬᠤ ᠶᠠᠮᠤᠨ 9 ᠳ᠋ᠤᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠳᠣᠲᠣᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠪᠥᠬᠦ | ᠲᠠᠯ᠎ᠠ ᠪᠠᠷ ᠬᠡᠷᠡᠭᠵᠢᠭᠦᠯᠦᠨ᠎ᠡ ᠭᠡᠵᠦ ᠨᠡᠶᠢᠲᠡᠯᠡᠪᠡ᠂ 2018 ᠣᠨ ᠤ 11 ᠳ᠋ᠤᠭᠡᠷ ᠰᠠᠷ᠎ᠠ ᠶᠢᠨ 29 ᠤ ᠡᠳᠦᠷ ᠠᠴᠠ | ᠡᠬᠢᠯᠡᠨ᠂ ᠳᠣᠲᠣᠭᠠᠳᠤ ᠶᠢ ᠬᠠᠮᠠᠭᠠᠯᠠᠬᠤ ᠶᠠᠮᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ | ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠭᠡᠷᠡᠴᠢ | ᠮᠠᠲ᠋ᠧᠷᠢᠶᠠᠯ ᠢ ᠬᠠᠰᠤᠵᠤ ᠬᠡᠯᠲᠦᠷᠢᠭᠦᠯᠬᠦ᠂ ᠠᠵᠤ ᠠᠬᠤᠶᠢᠯᠠᠯ ᠤᠨ ᠳᠣᠲᠣᠭᠠᠳᠤ ᠶᠢᠨ ᠠᠮᠦᠷ ᠲᠦᠪᠰᠢᠨ ᠢ ᠳᠠᠭᠠᠵᠤ | ᠰᠤᠷᠪᠤᠯᠵᠢᠯᠠᠬᠤ ᠳᠦᠷᠢᠮ ᠢ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠪᠠ ᠠᠳᠠᠯ ᠦᠢᠯᠡᠰ ᠴᠣᠭᠴᠠᠯᠠᠬᠤ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃ | ᠡᠨᠡ ᠵᠢᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ | ᠶᠡᠷᠦᠩᠬᠡᠢ ᠰᠠᠶᠢᠳ ᠯᠢ ᠺᠧ ᠴᠢᠶᠠᠩ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠰᠢᠨ᠎ᠡ | ᠠᠬᠢᠴᠠ ᠲᠠᠢ ᠪᠣᠯᠪᠠ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠪᠠ | ᠭᠦᠢᠴᠡᠳᠬᠡᠬᠦ ᠴᠠᠭ ᠤᠨ ᠬᠢᠵᠠᠭᠠᠷ ᠢ ᠦᠷᠭᠦᠯᠵᠢᠯᠡᠨ ᠪᠠᠭᠠᠰᠬᠠᠵᠤ᠂ ᠨᠠᠩ ᠣᠯᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠲᠦᠯᠬᠢᠨ ᠠᠬᠢᠭᠤᠯᠤᠨ᠎ᠠ ᠭᠡᠵᠦ | ᠳᠤᠷᠠᠳᠤᠨ ᠭᠠᠷᠭᠠᠪᠠ᠃ | ᠣᠷᠣᠨ ᠤ ᠲᠥᠪ ᠤᠨ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ | ᠰᠠᠶᠢᠨ ᠦᠢᠯᠡᠴᠢᠯᠡᠬᠦ ᠶᠢᠨ ᠲᠥᠯᠥᠭᠡ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ | ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠴᠣᠩᠬᠤᠨ ᠤ ︽ᠨᠢᠭᠡ ᠴᠣᠩᠬᠤ ᠪᠠᠷ ᠨᠡᠶᠢᠳᠡᠮ ᠬᠦᠢᠴᠡᠳᠭᠡᠬᠦ︾᠂ | ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ᠤᠶᠤᠨᠲᠤ ᠥᠪᠡᠰᠦᠪᠡᠨ ᠭᠦᠢᠴᠡᠳᠬᠡᠬᠦ ᠪᠠ ︽ᠨᠢᠭᠡ | ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ᠨᠠᠩ ᠲᠦᠷᠭᠡᠨ᠂ ᠨᠠᠩ ᠲᠥᠬᠦᠮ | ᠪᠣᠯᠭᠠᠬᠤ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠠᠵᠢᠯ ᠶᠠᠪᠤᠳᠠᠯ ᠬᠦᠢᠴᠡᠳᠭᠡᠬᠦ ᠳᠤ ᠨᠢᠭᠡ ᠡᠭᠦᠳᠡ ᠪᠠᠷ ᠣᠷᠣᠨ᠎ᠠ᠂ ᠪᠠᠰᠠ ︽ | ᠨᠢᠭᠡ ᠴᠣᠩᠬᠤ ᠪᠠᠷ ᠨᠡᠶᠢᠲᠡᠮ ᠭᠦᠢᠴᠡᠳᠬᠡᠨ᠎ᠡ︾ ᠭᠡᠵᠦ ᠶᠠᠷᠢᠯ᠎ᠠ᠂ ᠡᠨᠡ ᠬᠤᠶᠠᠷ ᠨᠢ ᠶᠠᠮᠠᠷ ᠢᠯᠭᠠᠭ᠎ᠠ ᠲᠠᠢ ᠪᠤᠶ ᠭᠡᠵᠦ | ᠰᠦᠯᠵᠢᠶᠡᠨ ᠠᠨᠳᠠ ᠨᠠᠷ ᠠᠩᠬᠠᠷᠴᠤ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | ᠤᠤᠯ ᠨᠢ ᠣᠯᠠᠨ ᠲᠦᠮᠡᠨ ᠡᠯ᠎ᠡ ᠲᠥᠷᠥᠯ ᠤᠨ ᠴᠠᠭᠳᠠᠭᠠᠨ ᠤ ᠲᠥᠷᠥᠯ ᠤᠨ ᠠᠵᠢᠯ ᠶᠠᠪᠤᠳᠠᠯ | ᠭᠦᠢᠴᠡᠳᠬᠡᠬᠦ ᠳᠤ ᠡᠯ᠎ᠡ ᠴᠠᠭᠳᠠᠭᠠᠨ ᠤ ᠲᠥᠷᠥᠯ ᠤᠨ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠴᠣᠩᠬᠤᠨ ᠳᠤ | ᠬᠦᠷᠴᠦ ᠭᠦᠢᠴᠡᠳᠬᠡᠬᠦ ᠴᠢᠬᠤᠯᠠᠲᠠᠢ ᠪᠠᠶᠢᠪᠠ᠂ ᠤᠳᠤ᠂ ᠪᠢᠳᠡ ᠡᠩ ᠲᠡᠷᠢᠭᠦᠨ ᠳᠤ ᠡᠯ᠎ᠡ ᠴᠠᠭᠳᠠᠭᠠᠨ ᠤ ᠲᠥᠷᠥᠯ᠂ | ᠠᠵᠢᠯᠲᠠᠨ᠂ ᠬᠢᠨᠠᠨ ᠵᠥᠪᠰᠢᠶᠡᠷᠡᠬᠦ ᠵᠦᠢᠯᠡᠰ ᠢ ᠬᠤᠲᠠ ᠶᠢᠨ ᠲᠣᠰ ᠱᠠᠲᠤᠨ ᠤ ᠶᠡᠭᠡ ᠲᠢᠩᠬᠢᠮ ᠳᠤ ᠣᠷᠣᠭᠤᠯᠵᠤ | ᠰᠠᠭᠤᠯᠭᠠᠬᠤ ᠶᠢ ᠲᠦᠯᠬᠢᠨ ᠠᠬᠢᠭᠤᠯᠵᠤ᠂ ᠣᠲᠣ ᠣᠯᠠᠨ ᠲᠦᠮᠡᠨ ᠬᠤᠲᠠ ᠶᠢᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠪᠠᠯ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ | ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠬᠤᠲᠠ ᠶᠢᠨ ᠬᠠᠮᠢᠶᠠᠷᠤᠯᠲᠠ᠂ ᠬᠤᠣᠷ ᠴᠠᠭᠠᠵᠠᠯᠠᠬᠤ᠂ | ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ 6 ᠲᠣᠮᠣ ᠴᠠᠭᠳᠠᠭᠠᠨ ᠤ ᠲᠥᠷᠥᠯ ᠤᠨ 137 ᠵᠦᠢᠯ ᠤᠨ | ᠥᠨᠳᠥᠷ ᠳᠠᠪᠲᠠᠮᠵᠢᠲᠤ ᠠᠷᠠᠳ ᠲᠤ ᠲᠥᠬᠦᠮ ᠦᠵᠡᠭᠦᠯᠬᠦ ᠵᠦᠢᠯᠡᠰ ᠢ ᠭᠦᠢᠴᠡᠳᠬᠡᠵᠦ ᠪᠣᠯᠤᠨ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠨᠢᠭᠡ ᠡᠭᠦᠳᠡ ᠪᠠᠷ ᠣᠷᠤᠵᠤ ᠨᠡᠶᠢᠲᠡᠮ ᠭᠦᠢᠴᠡᠳᠬᠡᠵᠦ | ᠪᠣᠯᠣᠨ᠎ᠠ︾᠂ ᠪᠢᠳᠡ ︽ᠨᠢᠭᠡ ᠡᠭᠦᠳᠡ ᠪᠠᠷ ᠣᠷᠤᠵᠤ ᠬᠦᠢᠴᠡᠳᠭᠡᠬᠦ︾ ᠥᠭᠡᠷᠡᠴᠢᠯᠡᠯᠲᠡ ᠶᠢᠨ ᠬᠠᠷᠠᠯᠲᠠ ᠶᠢ | ᠪᠡᠶᠡᠯᠡᠭᠦᠯᠦᠭᠰᠡᠨ ᠪᠠᠶᠢᠨ᠎ᠠ᠃ ︽ᠨᠢᠭᠡ ᠡᠭᠦᠳᠡ ᠪᠠᠷ ᠨᠡᠶᠢᠳᠡᠮ ᠭᠦᠢᠴᠡᠳᠬᠡᠬᠦ︾ ᠠᠴᠠ ︽ᠨᠢᠭᠡ ᠴᠣᠩᠬᠤ ᠪᠠᠷ | ᠨᠡᠶᠢᠳᠡᠮ ᠭᠦᠢᠴᠡᠳᠬᠡᠬᠦ︾ ᠬᠦᠷᠲᠡᠯ᠎ᠡ᠂ ᠵᠣᠷᠢᠯᠭ᠎ᠠ ᠨᠢ ᠣᠯᠠᠨ ᠲᠦᠮᠡᠨ ᠠᠵᠢᠯ ᠶᠠᠪᠤᠳᠠᠯ ᠭᠦᠢᠴᠡᠳᠬᠡᠬᠦ ᠳᠤ ᠣᠷᠣᠨ | ᠲᠣᠭᠤᠷᠢᠭ ᠬᠤᠪᠢᠶᠠᠬᠤ ᠦᠭᠡᠢ᠂ ᠨᠢᠭᠡ ᠯᠡ ᠤᠳᠠᠭ᠎ᠠ ᠳᠤ ᠪᠦᠲᠦᠭᠡᠵᠦ᠂ ︽ᠨᠢᠭᠡ ᠴᠣᠩᠬᠤ ᠪᠠᠷ ᠨᠡᠶᠢᠳᠡᠮ | ᠭᠦᠢᠴᠡᠳᠬᠡᠬᠦ︾ ᠠᠵᠢᠯ ᠤᠨ ᠰᠢᠨ᠎ᠡ ᠪᠠᠶᠢᠷᠢᠰᠢᠯ ᠢ ᠪᠡᠶᠡᠯᠡᠭᠦᠯᠬᠦ ᠶᠢᠨ ᠲᠦᠯᠦᠭᠡ ᠶᠤᠮ᠂ ᠡᠭᠦᠨ ᠤ ᠬᠠᠮᠲᠤ ᠤᠤᠯ ᠤᠨ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ︽ᠶᠠᠭᠠᠷᠠᠤ ᠰᠡᠯᠡᠭᠦᠦ ᠨᠢ ᠲᠡᠩᠴᠡᠭᠦᠷᠢ ᠦᠭᠡᠢ︾ ︽ | ᠴᠠᠭᠳᠠᠭᠠᠨ ᠤ ᠬᠦᠴᠦᠨ ᠢ ᠪᠦᠷᠢᠯᠭᠡᠨ ᠰᠦᠢᠳᠬᠡᠬᠦ︾ ᠠᠰᠠᠭᠤᠳᠠᠯ ᠰᠢᠢᠳᠪᠦᠷᠢᠯᠡᠭᠰᠡᠨ ᠶᠤᠮ᠃ ᠡᠨᠡ ᠨᠢ ᠮᠠᠨ ᠤ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠳᠤ ᠨᠠᠩ ᠥᠨᠳᠥᠷ ᠱᠠᠭᠠᠷᠳᠠᠯᠭ᠎ᠠ ᠲᠠᠯᠪᠢᠵᠤ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠲᠠᠩ ᠭᠠᠭᠴᠠ ᠲᠤᠬᠠᠶᠢᠯᠠᠭᠰᠠᠨ ᠠᠵᠢᠯ ᠢ ᠡᠵᠡᠮᠰᠢᠵᠦ ᠪᠠᠶᠢᠭᠰᠠᠨ ᠠᠴᠠ ᠪᠠᠨ ᠪᠣᠶ | ᠪᠦᠬᠦᠢ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠪᠦᠷᠢᠨ ᠴᠢᠳᠠᠪᠤᠷᠢᠲᠤ ᠠᠷᠠᠳ ᠤᠨ ᠴᠠᠭᠳᠠᠭ᠎ᠠ ᠪᠣᠯᠬᠤ | ᠱᠠᠭᠠᠷᠳᠠᠯᠭ᠎ᠠ ᠶᠢ ᠲᠠᠯᠪᠢᠭᠰᠠᠨ ᠪᠠᠶᠢᠨ᠎ᠠ᠃ ᠣᠳᠣᠬᠠᠨ ᠳᠤ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠵᠢᠴᠢ 9 ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠴᠥᠮ ᠱᠠᠭᠠᠷᠳᠠᠯᠭ᠎ᠠ ᠶᠣᠰᠣᠭᠠᠷ ᠨᠠᠭᠠᠲᠤ ᠵᠠᠬ᠎ᠠ ᠳᠠᠭᠠᠨ 3 ᠳᠣᠲᠣᠭᠠᠳᠤ ᠶᠢ | ᠬᠠᠮᠠᠭᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠶᠢ ᠪᠠᠶᠢᠭᠤᠯᠵᠤ᠂ ᠡᠭᠦᠨ ᠠᠴᠠ ᠭᠠᠳᠠᠨ᠎ᠠ ᠪᠠᠰᠠ ᠨᠢᠭᠡ | ᠥᠷᠲᠡᠭᠡ ᠮᠠᠶ᠋ᠢᠭ ᠤᠨ ᠲᠣᠮᠢᠯᠠᠭᠰᠠᠨ ᠰᠠᠯᠪᠤᠷᠢ ᠪᠠᠶᠢᠭᠤᠯᠵᠤ᠂ ᠲᠠᠷᠠᠭᠠᠴᠢ ᠶᠢᠨ ᠠᠯᠬᠤᠮ ᠳᠤ ᠪᠢᠳᠡ ᠪᠠᠰᠠ ᠪᠣᠳᠠᠲᠠᠢ | ᠪᠠᠶᠢᠳᠠᠯ ᠢᠶᠠᠨ ᠦᠨᠳᠦᠰᠦᠯᠡᠨ ᠨᠠᠩ ᠣᠯᠠᠨ ᠶᠡᠷᠦᠩᠬᠡᠶᠢᠯᠡᠭᠰᠡᠨ ᠴᠣᠩᠬᠤ ᠶᠢ ᠨᠡᠮᠡᠨ ᠪᠠᠶᠢᠭᠤᠯᠵᠤ᠂ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠬᠠᠩᠭᠠᠨ᠎ᠠ᠃ | ᠬᠥᠲᠥᠯᠥᠭᠴᠢ᠄ | ᠥᠭᠡᠷ᠎ᠡ ᠪᠠᠷ ᠬᠡᠯᠡᠪᠡᠯ ᠣᠳᠣᠬᠠᠨ ᠳᠤ ᠶᠡᠭᠡ ᠲᠢᠩᠬᠢᠮ ᠨᠢ ᠦᠨᠳᠦᠰᠦᠨ ᠳᠡᠭᠡᠨ ᠳᠣᠲᠣᠭᠠᠳᠤ ᠶᠢ ᠬᠠᠮᠠᠭᠠᠯᠠᠬᠤ | ᠪᠣᠢ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠬᠤ ᠶᠤᠮ ᠪᠠᠶᠢᠨ᠎ᠠ᠂ ᠳᠠᠷᠠᠭᠠᠴᠢ ᠶᠢᠨ ᠠᠯᠬᠤᠮ ᠳᠤ | ᠪᠢᠳᠡ ᠳᠤᠷ᠎ᠠ ᠶᠢᠨ ᠨᠢᠭᠡ ᠴᠣᠩᠬᠤ ᠶᠢ ᠰᠤᠩᠭᠤᠪᠠᠯ ᠳᠣᠲᠣᠭᠠᠳᠤ ᠶᠢ ᠬᠠᠮᠠᠭᠠᠯᠠᠬᠤ ᠣᠯᠠᠩᠬᠢ ᠲᠤᠬᠠᠶᠢᠯᠠᠭᠰᠠᠨ | ᠠᠵᠢᠯ ᠢ ᠭᠦᠢᠴᠡᠳᠬᠡᠵᠦ ᠪᠣᠯᠣᠨ᠎ᠠ᠃ ᠪᠢᠳᠡ ᠪᠠᠰᠠ ᠶᠡᠷᠦᠩᠬᠡᠶᠢᠯᠡᠭᠰᠡᠨ ᠴᠣᠩᠬᠤ ᠶᠢ ᠡᠷᠲᠡᠬᠡᠨ ᠪᠠᠶᠢᠭᠤᠯᠵᠤ | ᠳᠠᠭᠤᠰᠬᠠᠬᠤ ᠶᠢ ᠬᠦᠰᠡᠵᠦ ᠪᠠᠶᠢᠨ᠎ᠠ᠃ ᠡᠭᠦᠨ ᠠᠴᠠ ᠦᠵᠡᠪᠡᠯ᠂ ᠣᠷᠣᠨ ᠤ ᠲᠥᠪ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠣᠯᠠᠨ ᠲᠦᠮᠡᠨ ᠢ ᠪᠠᠭ᠎ᠠ | ᠬᠦᠶᠦᠯᠭᠡᠵᠦ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠠᠭᠠᠰᠬᠠᠬᠤ ᠪᠠᠷ ᠴᠢᠷᠮᠠᠶᠢᠵᠤ ᠪᠠᠶᠢᠭ᠎ᠠ ᠶᠤᠮ | ᠪᠠᠶᠢᠨ᠎ᠠ᠂ ᠲᠡᠭᠡᠪᠡᠯ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠥᠷᠲᠡᠭᠡ | ᠮᠠᠶ᠋ᠢᠭ︾ ᠤᠨ ᠲᠣᠮᠢᠯᠠᠭᠰᠠᠨ ᠰᠠᠯᠪᠤᠷᠢ ᠪᠠᠶᠢᠭᠤᠯᠬᠤ ᠨᠢ ᠮᠥᠨ ᠴᠦ ᠡᠨᠡ ᠬᠦ ᠰᠡᠳᠬᠢᠮᠵᠢ ᠶᠢ ᠪᠠᠷᠢᠮᠲᠠᠯᠠᠵᠤ ᠪᠠᠶᠢᠭ᠎ᠠ | ᠶᠠᠪᠤᠳᠠᠯ ᠮᠥᠨ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | ᠲᠡᠶᠢᠮᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰ ᠬᠤᠲᠠ ᠶᠢᠨ ᠬᠥᠮᠥᠨ | ᠠᠮᠠ ᠶᠢᠨ ᠨᠢᠭᠲᠠᠴᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ᠂ ᠵᠠᠮ ᠬᠠᠷᠢᠯᠴᠠᠭᠠᠨ ᠤ ᠣᠷᠴᠢᠨ ᠲᠣᠭᠤᠷᠢᠨ | ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠠᠭᠪᠤᠷ ᠤᠨ ᠲᠤᠷᠰᠢᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠲᠦᠷᠦᠭᠦᠯᠡᠨ ᠠᠬᠢᠭᠤᠯᠵᠤ᠂ 4 ᠲᠤᠷᠰᠢᠯᠲᠠ ᠶᠢᠨ ᠲᠣᠮᠢᠯᠠᠭᠰᠠᠨ ᠰᠠᠯᠪᠤᠷᠢ ᠶᠢ ᠰᠣᠩᠭᠤᠨ ᠲᠣᠭᠲᠠᠭᠠᠪᠠ᠂ | ᠲᠣᠰ ᠲᠣᠰ ᠰᠢᠨ᠎ᠡ ᠬᠤᠲᠠ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠴᠤᠩ ᠳ᠋ᠦᠩ ᠲᠣᠮᠢᠯᠠᠭᠰᠠᠨ ᠰᠠᠯᠪᠤᠷᠢ᠂ | ᠬᠤᠲᠤᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠪᠣᠯᠣᠳ ᠲᠡᠮᠦᠷ ᠵᠠᠮ ᠤᠨ ᠲᠣᠮᠢᠯᠠᠭᠰᠠᠨ | ᠰᠠᠯᠪᠤᠷᠢ᠂ ᠢᠦᠢ ᠴᠢᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠡᠮᠦᠨ᠎ᠡ ᠶᠡᠭᠡ ᠵᠡᠭᠡᠯᠢ ᠶᠢᠨ ᠲᠣᠮᠢᠯᠠᠭᠰᠠᠨ | ᠰᠠᠯᠪᠤᠷᠢ᠂ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠴᠣᠷᠪᠤᠭᠠ ᠲᠣᠮᠢᠯᠠᠭᠰᠠᠨ ᠰᠠᠯᠪᠤᠷᠢ ᠪᠣᠯᠣᠨ᠎ᠠ᠂ | ᠣᠲᠣ ᠨᠢᠭᠡᠨᠲᠡ ᠪᠦᠬᠦᠨ ᠢ ᠪᠠᠶᠢᠭᠤᠯᠵᠤ ᠳᠠᠭᠤᠰᠬᠠᠪᠠ᠃ ᠲᠤᠷᠰᠢᠯᠲᠠ ᠶᠢᠨ ᠲᠣᠮᠢᠯᠠᠭᠰᠠᠨ ᠰᠠᠯᠪᠤᠷᠢ ᠨᠢ | ᠤᠯᠠᠮᠵᠢᠯᠠᠯᠲᠤ ᠡᠷᠦᠬᠡ ᠠᠮᠠ ᠶᠢᠨ ᠲᠠᠩᠰᠠ ᠶᠢᠨ ᠲᠠᠰᠤᠭ ᠢ ︽ᠨᠢᠭᠡ ᠥᠷᠲᠡᠭᠡ ᠮᠠᠶ᠋ᠢᠭ︾ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠢᠩᠬᠢᠮ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠡᠷᠦᠬᠡ ᠠᠮᠠ ᠶᠢᠨ ᠲᠠᠩᠰᠠ᠂ ᠵᠠᠮ | ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠳᠣᠲᠣᠭᠠᠳᠤ ᠶᠢ | ᠬᠠᠮᠠᠭᠠᠯᠠᠬᠤ ᠲᠤᠬᠠᠶᠢᠯᠠᠭᠰᠠᠨ ᠠᠵᠢᠯ ᠢ ᠣᠶᠢᠷ᠎ᠠ ᠬᠠᠪᠢ ᠳᠠᠭᠠᠨ ᠭᠦᠢᠴᠡᠳᠬᠡᠬᠦ ᠶᠢ ᠪᠡᠶᠡᠯᠡᠭᠦᠯᠵᠦ᠂ ᠵᠢᠪ ᠵᠢᠭᠭᠬᠢᠨᠢ | ᠣᠯᠠᠨ ᠲᠦᠮᠡᠨ ᠤ ᠭᠡᠷ ᠤᠨ ᠡᠭᠦᠳᠡᠨ ᠳᠠᠬᠢ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠲᠥᠬᠦᠮ ᠳᠡᠯᠭᠡᠭᠦᠷ︾ ᠪᠣᠯᠭᠠᠭᠰᠠᠨ ᠪᠠᠶᠢᠨ᠎ᠠ᠃ | ᠬᠥᠲᠥᠯᠥᠭᠴᠢ᠄ | ᠥᠭᠡᠷ᠎ᠡ ᠪᠠᠷ ᠬᠡᠯᠡᠪᠡᠯ᠂ ᠤᠤᠯ ᠤᠨ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠴᠢᠵᠤ ᠭᠦᠢᠴᠡᠳᠬᠡᠬᠦ ᠬᠡᠷᠡᠭᠲᠡᠢ ᠪᠠᠶᠢᠭᠰᠠᠨ ᠠᠵᠢᠯ ᠶᠠᠪᠤᠳᠠᠯ ᠢ ᠬᠤᠶᠢᠰᠢᠳᠠ ᠲᠣᠮᠢᠯᠠᠭᠰᠠᠨ ᠰᠠᠯᠪᠤᠷᠢ ᠳᠤ ᠴᠤ | ᠭᠦᠢᠴᠡᠳᠬᠡᠵᠦ ᠪᠣᠯᠬᠤ ᠪᠣᠯᠤᠭᠰᠠᠨ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | ᠢᠩᠭᠢᠵᠦ ᠣᠶᠢᠯᠠᠭᠠᠵᠤ ᠪᠣᠯᠣᠨ᠎ᠠ᠃ ᠣᠳᠣᠬᠢ ᠱᠠᠲᠤᠨ ᠳᠤ ᠮᠠᠨ ᠤ ᠬᠤᠲᠠ ᠵᠦᠪᠬᠡᠨ ᠳᠦᠷᠪᠡᠨ ︽ᠨᠢᠭᠡ | ᠥᠷᠲᠡᠭᠡ ᠮᠠᠶ᠋ᠢᠭ︾ ᠤᠨ ᠲᠤᠷᠰᠢᠯᠲᠠ ᠶᠢᠨ ᠲᠣᠮᠢᠯᠠᠭᠰᠠᠨ ᠰᠠᠯᠪᠤᠷᠢ ᠪᠠᠶᠢᠭᠤᠯᠤᠭᠠᠳ ᠪᠣᠢ᠂ ᠡᠨᠡ ᠳᠥᠷᠪᠡᠨ | ᠲᠣᠮᠢᠯᠠᠭᠰᠠᠨ ᠰᠠᠯᠪᠤᠷᠢ ᠨᠢᠭᠡᠨᠲᠡ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠬᠤᠯᠪᠣᠭᠳᠠᠯ | ᠪᠦᠬᠦᠢ ᠬᠡᠰᠡᠭ ᠲᠤᠬᠠᠶᠢᠯᠠᠭᠰᠠᠨ ᠠᠵᠢᠯ ᠢ ᠴᠤ ᠬᠦᠢᠴᠡᠳᠭᠡᠬᠦ ᠪᠣᠯᠪᠠ᠂ ᠲᠠᠷᠠᠭᠠᠴᠢ ᠶᠢᠨ ᠠᠯᠬᠤᠮ ᠳᠤ᠂ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠷᠣᠨ ᠤ ᠲᠥᠪ ᠤᠨ ᠪᠣᠳᠠᠲᠠᠢ ᠪᠠᠶᠢᠳᠠᠯ ᠢ ᠭᠦᠨᠵᠡᠭᠡᠢ | ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ 4 ᠲᠤᠷᠰᠢᠯᠲᠠ ᠶᠢᠨ ᠴᠡᠭ ᠤᠨ ᠲᠣᠮᠢᠯᠠᠭᠰᠠᠨ ᠰᠠᠯᠪᠤᠷᠢ ᠶᠢᠨ | ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠳ᠋ᠦᠩᠨᠡᠵᠦ᠂ ᠰᠢᠨ᠎ᠡ ᠪᠠᠷ ︽ᠨᠢᠭᠡ ᠥᠷᠲᠡᠭᠡ ᠮᠠᠶ᠋ᠢᠭ︾ ᠤᠨ | ᠲᠣᠮᠢᠯᠠᠭᠰᠠᠨ ᠰᠠᠯᠪᠤᠷᠢ ᠨᠡᠮᠡᠵᠦ ᠪᠠᠶᠢᠭᠤᠯᠬᠤ ᠠᠵᠢᠯ ᠢ ᠵᠦᠢ ᠵᠣᠬᠢᠰᠲᠠᠢ ᠪᠠᠶᠢᠷᠢᠯᠠᠭᠤᠯᠬᠤ ᠶᠢᠨ ᠬᠠᠮᠲᠤ ᠨᠠᠩ ᠣᠯᠠᠨ | ᠲᠥᠬᠦᠮ ᠪᠥᠭᠡᠳ ᠥᠨᠳᠥᠷ ᠳᠠᠪᠲᠠᠮᠵᠢ ᠲᠠᠢ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ | ᠭᠦᠢᠴᠡᠳᠬᠡᠬᠦ ᠶᠢ ᠲᠦᠯᠬᠢᠨ ᠠᠬᠢᠭᠤᠯᠤᠨ᠎ᠠ᠃ | ᠬᠥᠲᠥᠯᠥᠭᠴᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠬᠦᠴᠦᠷᠬᠡᠭ ᠶᠡᠭᠡ ᠡᠷᠴᠢ ᠵᠣᠷᠢᠭ ᠢ ᠰᠡᠳᠬᠢᠯ ᠤᠨ ᠭᠦᠨ ᠠᠴᠠ ᠪᠠᠨ ᠮᠡᠳᠡᠷᠡᠯ᠎ᠡ᠂ ᠮᠠᠨ ᠤ ᠠᠷᠠᠳ ᠲᠦᠮᠡᠨ ᠳᠤ | ᠠᠪᠴᠤ ᠬᠡᠯᠡᠪᠡᠯ᠂ ᠤᠴᠢᠷ ᠶᠠᠪᠤᠳᠠᠯ ᠢ ᠪᠦᠲᠦᠭᠡᠬᠦ ᠳᠤ ᠤᠯᠠᠮ ᠳᠥᠭᠦᠮ ᠪᠣᠯᠵᠠᠢ᠂ ᠥᠩᠭᠡᠷᠡᠭᠰᠡᠨ ᠳᠤ ᠡᠯ᠎ᠡ | ᠲᠥᠷᠥᠯ ᠤᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠠᠷᠠᠭᠠᠯᠵᠠᠭᠰᠠᠨ | ᠲᠤᠬᠠᠶᠢᠯᠠᠭᠰᠠᠨ ᠠᠵᠢᠯ ᠤᠨ ᠴᠣᠩᠬᠤᠨ ᠳᠤ ᠬᠦᠷᠬᠦ ᠬᠡᠷᠡᠭᠲᠡᠢ ᠪᠠᠶᠢᠪᠠ᠂ ᠣᠲᠣ ᠰᠢᠭᠤᠳ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠣᠴᠢᠪᠠᠯ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠣᠯᠠᠩᠬᠢ ᠵᠦᠢᠯᠡᠰ ᠢ ᠭᠦᠢᠴᠡᠳᠬᠡᠵᠦ ᠪᠣᠯᠬᠤ ᠪᠣᠯᠵᠠᠢ᠂ ᠡᠭᠦᠨ ᠢᠶᠠᠷ ᠪᠠᠷᠠᠬᠤ ᠦᠭᠡᠢ ᠳᠥᠷᠪᠡᠨ ︽ᠨᠢᠭᠡ ᠥᠷᠲᠡᠭᠡ | ᠮᠠᠶ᠋ᠢᠭ ᠤᠨ ᠲᠣᠮᠢᠯᠠᠭᠰᠠᠨ ᠰᠠᠯᠪᠤᠷᠢ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ | ᠥᠩᠭᠡᠷᠡᠭᠰᠡᠨ ᠤ ᠡᠷᠦᠬᠡ ᠠᠮᠠ ᠶᠢᠨ ᠲᠠᠩᠰᠠ ᠶᠢᠨ ᠲᠠᠰᠤᠭ ᠠᠴᠠ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ | ᠬᠦᠢᠴᠡᠳᠭᠡᠬᠦ ᠪᠣᠯᠭᠠᠨ ᠬᠤᠪᠢᠷᠠᠭᠤᠯᠵᠤ᠂ ᠠᠷᠠᠳ ᠣᠯᠠᠨ ᠤᠨ ᠭᠡᠷ ᠤᠨ ᠡᠭᠦᠳᠡᠨ ᠳᠠᠬᠢ ᠲᠥᠬᠦᠮ ᠦᠢᠯᠡᠴᠢᠯᠡᠭᠡᠨ ᠤ | ᠳᠡᠯᠭᠡᠭᠦᠷ ᠢ ᠪᠠᠶᠢᠭᠤᠯᠤᠭᠰᠠᠨ ᠨᠢ ᠦᠨᠡᠬᠡᠷ ᠲᠥᠬᠦᠮ ᠪᠣᠯᠵᠠᠢ᠃ ᠣᠳᠣᠬᠠᠨ ᠳᠤ ᠣᠯᠠᠨ ᠲᠦᠮᠡᠨ ᠤ ᠰᠦᠯᠵᠢᠶᠡᠨ | ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠂ ᠣᠯᠠᠨ | ᠲᠦᠮᠡᠨ ᠤ ᠭᠦᠢᠴᠡᠳᠬᠡᠬᠦ ᠴᠢᠬᠤᠯᠠᠲᠠᠢ ᠠᠵᠢᠯ ᠶᠠᠪᠤᠳᠠᠯ ᠳᠤ ᠴᠢᠭᠯᠡᠭᠦᠯᠦᠨ᠂ ᠰᠦᠯᠵᠢᠶᠡᠨ ᠳᠡᠭᠡᠷ᠎ᠡ ᠬᠦᠢᠴᠡᠳᠭᠡᠬᠦ ᠳᠤ | ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠ ᠬᠡᠷᠡᠭᠯᠡᠯᠲᠡ ᠶᠢ ᠳᠠᠭᠠᠯᠳᠤᠨ᠂ ᠠᠷᠠᠳ ᠤᠯᠠᠨ ᠤ | ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠤᠯᠠᠮ ᠠᠴᠠ ᠤᠯᠠᠮ ᠥᠨᠳᠥᠷ ᠪᠣᠯᠵᠤ᠂ | ᠢᠯᠠᠩᠭᠤᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠨᠢᠭᠤᠷᠳᠠᠵᠤ ᠠᠭᠤᠯᠵᠠᠬᠤ ᠦᠭᠡᠢ ᠪᠠᠷ ᠰᠦᠯᠵᠢᠶᠡᠨ | ᠳᠡᠭᠡᠷ᠎ᠡ ᠤᠴᠢᠷ ᠶᠠᠪᠤᠳᠠᠯ ᠬᠦᠢᠴᠡᠳᠭᠡᠬᠦ ᠠᠷᠭ᠎ᠠ ᠮᠠᠶ᠋ᠢᠭ ᠤᠨ ᠳᠠᠪᠠᠭᠤᠯᠢᠭ ᠲᠠᠯ᠎ᠠ ᠲᠣᠪᠤᠶᠢᠮ᠎ᠠ ᠢᠯᠡᠷᠡᠵᠦ ᠪᠠᠶᠢᠬᠤ ᠶᠢ | ᠪᠢᠳᠡ ᠪᠠᠰᠠ ᠣᠯᠵᠤ ᠮᠡᠳᠡᠪᠡ᠃ ᠡᠶᠢᠮᠦ ᠠᠴᠠ ᠣᠶᠢᠷ᠎ᠠ ᠶᠢᠨ ᠬᠡᠳᠦᠨ ᠵᠢᠯ ᠳᠤ ᠬᠥᠬᠡᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠠᠭ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ | 2021 ᠣᠨ ᠳᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠭ᠎ᠠ | ᠳᠣᠣᠷ᠎ᠠ᠂ ︽ᠲᠢᠩᠬᠢᠮ ᠲᠣᠪᠴᠢᠶ᠎ᠠ ᠬᠠᠮᠲᠤ ᠪᠠᠷ ᠪᠠᠶᠢᠭᠤᠯᠬᠤ︾ ᠲᠣᠭᠲᠠᠴᠠ ᠳᠤ ᠲᠦᠰᠢᠭᠯᠡᠨ᠂ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠢᠳᠡᠪᠬᠢᠲᠡᠢ ᠪᠠᠷ | ᠳᠡᠯᠭᠡᠷᠡᠭᠦᠯᠦᠨ ᠬᠡᠷᠡᠭᠯᠡᠵᠦ᠂ ᠣᠳᠣᠬᠠᠨ ᠳᠤ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ | ᠰᠦᠯᠵᠢᠶᠡᠨ ᠤ ᠠᠮᠤᠷ ᠲᠦᠪᠰᠢᠨ᠂ ᠬᠤᠣᠷ ᠴᠠᠭᠠᠵᠠᠯᠠᠬᠤ ᠵᠡᠷᠭᠡ 125 ᠭᠠᠷᠤᠢ ᠵᠦᠢᠯ ᠤᠨ ᠥᠨᠳᠥᠷ ᠳᠠᠪᠲᠠᠮᠵᠢᠲᠤ | ᠳᠣᠲᠣᠭᠠᠳᠤ ᠶᠢ ᠬᠠᠮᠠᠭᠠᠯᠠᠬᠤ ᠵᠦᠢᠯᠡᠰ ᠢ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ | ᠡᠭᠦᠨ ᠳᠤ ᠡᠷᠦᠬᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ᠂ ᠳᠠᠷᠤᠢ ᠡᠷᠦᠬᠡ ᠠᠮᠠ ᠶᠢᠨ ᠳᠠᠩᠰᠠᠯᠠᠯᠲᠠ᠂ | ᠡᠷᠦᠬᠡ ᠠᠮᠠ ᠶᠢᠨ ᠲᠠᠩᠰᠠ ᠶᠢ ᠬᠦᠴᠦᠨ ᠦᠭᠡᠢ ᠪᠣᠯᠭᠠᠬᠤ᠂ ᠡᠷᠦᠬᠡ ᠠᠮᠠ ᠶᠢ ᠰᠢᠯᠵᠢᠭᠦᠯᠬᠦ᠂ ᠡᠷᠦᠬᠡ ᠠᠮᠠ ᠶᠢᠨ | ᠳᠠᠭᠠᠯᠲᠠ ᠵᠦᠢᠯ ᠤᠨ ᠲᠤᠬᠠᠶᠢᠯᠠᠭᠰᠠᠨ ᠠᠵᠢᠯ ᠢ ᠬᠤᠪᠢᠷᠠᠭᠤᠯᠬᠤ ᠵᠡᠷᠭᠡ ᠪᠠᠭᠲᠠᠨ᠎ᠠ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠳᠠᠷᠤᠢ ᠵᠢᠯᠣᠭᠤᠴᠢ ᠶᠢᠨ ᠦᠨᠡᠮᠯᠡᠯ ᠨᠦᠬᠦᠬᠦ ᠰᠣᠯᠢᠵᠤ ᠠᠪᠬᠤ᠂ | ᠮᠠᠰᠢᠨ ᠬᠦᠳᠡᠯᠭᠡᠭᠦᠷᠲᠦ ᠲᠡᠷᠭᠡ ᠶᠢᠨ ᠦᠨᠡᠮᠯᠡᠯ ᠢ ᠨᠦᠬᠦᠬᠦ᠂ ᠰᠣᠯᠢᠵᠤ ᠠᠪᠬᠤ᠂ ᠮᠠᠰᠢᠨ ᠬᠦᠳᠡᠯᠭᠡᠭᠦᠷᠲᠦ | ᠲᠡᠷᠭᠡ ᠶᠢᠨ ᠲᠦᠷ ᠴᠠᠭ ᠤᠨ ᠫᠠᠶᠢᠰᠠ ᠦᠨᠡᠮᠯᠡᠯ ᠭᠤᠶᠤᠴᠢᠯᠠᠨ ᠠᠪᠬᠤ ᠵᠡᠷᠭᠡ ᠪᠠᠭᠲᠠᠨ᠎ᠠ᠃ | ᠣᠳᠣᠬᠠᠨ ᠳᠤ᠂ ᠣᠯᠠᠨ ᠲᠦᠮᠡᠨ ᠭᠠᠷ ᠤᠲᠠᠰᠤ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠤᠶᠤ ︽ᠮᠦᠩᠭᠡ ᠰᠤᠪᠠᠭ︾ | ᠢ ᠬᠠᠶᠢᠵᠤ ᠣᠯᠣᠭᠠᠳ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠤᠰᠬᠠᠢ ᠣᠷᠣᠨ ᠢ | ᠰᠣᠩᠭᠤᠵᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ | ᠠᠵᠢᠯ ᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠵᠦ ᠪᠣᠯᠤᠨ᠎ᠠ᠂ ᠠᠷᠠᠳ ᠤᠨ ᠴᠠᠭᠳᠠᠭ᠎ᠠ ᠠᠷᠤ | ᠲᠠᠪᠴᠠᠩ ᠳᠤ ᠭᠦᠢᠴᠡᠳᠬᠡᠵᠦ᠂ ︽ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ | ᠭᠤᠶᠤᠴᠢᠯᠠᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠦᠵᠦᠭᠦᠷ ᠠᠴᠠ ᠳᠠᠮᠵᠢᠭᠤᠯᠤᠨ | ᠬᠦᠷᠭᠡᠬᠦ᠂ ᠲᠦᠷᠭᠡᠨ ᠬᠦᠷᠭᠡᠯᠲᠡ ᠪᠠᠷ ᠬᠦᠷᠭᠡᠬᠦ︾ ᠭᠦᠢᠴᠡᠳᠬᠡᠬᠦ ᠵᠠᠭᠪᠤᠷ ᠢ ᠪᠡᠶᠡᠯᠡᠭᠦᠯᠵᠦ᠂ ᠠᠵᠢᠯ ᠶᠠᠪᠤᠳᠠᠯ | ᠭᠦᠢᠴᠡᠳᠬᠡᠬᠦ ᠠᠵᠤ ᠠᠬᠤᠶᠢᠯᠠᠯ ᠣᠯᠠᠨ ᠲᠦᠮᠡᠨ ᠳᠤ ᠨᠠᠩ ᠲᠦᠭᠦᠮ ᠪᠣᠯᠭᠠᠪᠠ᠃ | ᠬᠦᠲᠦᠯᠦᠭᠴᠢ᠄ | ᠰᠦᠯᠵᠢᠶᠡᠨ ᠤ ᠨᠠᠶᠢᠵᠠ ᠨᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠸᠢᠴᠠᠲ ᠤᠨ ᠳ᠋ᠤᠭᠠᠷ ᠢᠶᠠᠷ ᠥᠪᠡᠷ ᠢᠶᠠᠨ ᠠᠵᠢᠯ ᠶᠠᠪᠤᠳᠠᠯ | ᠭᠦᠢᠴᠡᠳᠬᠡᠬᠦ ᠲᠤᠬᠠᠢ ᠠᠩᠬᠠᠷᠴᠤ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠬᠤᠯᠪᠤᠭᠳᠠᠯ ᠪᠦᠬᠦᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠬᠦ ᠲᠥᠪ ᠤᠨ ᠬᠢᠨ | ᠳᠣᠲᠣᠭᠠᠳᠤ ᠶᠢ ᠬᠠᠮᠠᠭᠠᠯᠠᠬᠤ ᠠᠵᠢᠯ ᠤᠨ ︽ᠤᠶᠤᠨᠲᠤ ᠥᠪᠡᠰᠦᠪᠡᠨ ᠬᠦᠢᠴᠡᠳᠭᠡᠬᠦ︾ ᠦᠢᠯᠡᠴᠢᠯᠡᠭᠡ ᠶᠢ | ᠲᠠᠰᠤᠷᠠᠯᠲᠠ ᠦᠭᠡᠢ ᠬᠡᠷᠡᠭᠵᠢᠭᠦᠯᠵᠦ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ | ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠢᠭᠡᠨᠲᠡ ︽24 ᠴᠠᠭ ᠤᠨ | ᠳᠣᠲᠣᠭᠠᠳᠤ ᠶᠢ ᠬᠠᠮᠠᠭᠠᠯᠠᠬᠤ ᠣᠶᠤᠨᠲᠤ ᠥᠪᠡᠰᠦᠪᠡᠨ ᠬᠦᠢᠴᠡᠳᠭᠡᠬᠦ ᠲᠢᠩᠬᠢᠮ︾ ᠢ ᠪᠠᠶᠢᠭᠤᠯᠵᠤ᠂ ᠪᠡᠶ᠎ᠡ ᠶᠢᠨ | ᠦᠨᠡᠮᠯᠡᠯ ᠬᠢᠬᠦ᠂ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠬᠦ᠂ | ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ ᠵᠡᠷᠭᠡ 3 ᠴᠠᠭᠳᠠᠭᠠᠨ ᠤ ᠲᠥᠷᠥᠯ ᠤᠨ ᠣᠯᠠᠨ ᠲᠦᠮᠡᠨ ᠳᠤ ᠦᠢᠯᠡᠴᠢᠯᠡᠬᠦ | ᠥᠨᠳᠥᠷ ᠳᠠᠪᠲᠠᠮᠵᠢ ᠲᠠᠢ ᠲᠥᠬᠦᠮ ᠵᠦᠢᠯᠡᠰ ᠢ ᠥᠪᠡᠰᠦᠪᠡᠨ ᠬᠦᠢᠴᠡᠳᠭᠡᠬᠦ ᠮᠠᠰᠢᠨ ᠢᠶᠠᠷ ᠨᠢᠭᠤᠷ ᠢᠶᠠᠨ ᠰᠢᠷᠪᠢᠭᠦᠯᠦᠨ | ᠬᠡᠷᠡᠴᠢᠯᠡᠭᠡ ᠠᠪᠤᠭᠰᠠᠨ ᠤ ᠳᠠᠷᠠᠭ᠎ᠠ ᠥᠪᠡᠰᠦᠪᠡᠨ ᠭᠦᠢᠴᠡᠳᠬᠡᠬᠦ ᠶᠢ ᠪᠡᠶᠡᠯᠡᠭᠦᠯᠵᠦ᠂ ᠣᠯᠠᠨ ᠲᠦᠮᠡᠨ ᠳᠤ ᠪᠦᠬᠦᠯᠢ | ᠡᠳᠦᠷ ᠢᠶᠠᠷ ᠢᠶᠠᠨ ︽ᠡᠭᠦᠳᠡ ᠪᠠᠨ ᠬᠠᠭᠠᠬᠤ ᠦᠭᠡᠢ ᠦᠢᠯᠡᠴᠢᠯᠡᠭᠡ︾ ᠬᠠᠩᠭᠠᠨ᠎ᠠ᠃ ᠡᠭᠦᠨ ᠤ ᠬᠠᠮᠲᠤ ᠬᠤᠲᠠ ᠶᠢᠨ | ᠳᠥᠷᠪᠡᠨ ᠲᠣᠭᠤᠷᠢᠭ ᠵᠢᠴᠢ ᠦᠴᠦᠸᠠᠨ ᠰᠢᠶᠠᠨ᠂ ᠬᠤᠷᠢᠨᠭᠡᠷ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ ︽24 ᠴᠠᠭ ᠤᠨ ᠥᠪᠡᠰᠦᠪᠡᠨ ᠬᠦᠢᠴᠡᠳᠭᠡᠬᠦ ᠲᠢᠩᠬᠢᠮ︾ ᠳᠤ | ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠥᠪᠡᠰᠦᠪᠡᠨ ᠬᠦᠢᠴᠡᠳᠭᠡᠬᠦ ᠲᠥᠬᠦᠭᠡᠷᠦᠮᠵᠢ | ᠲᠣᠬᠢᠷᠠᠭᠤᠯᠵᠤ᠂ 24 ᠴᠠᠭ ᠪᠥᠬᠦ ᠡᠳᠦᠷ ᠢᠶᠠᠷ ︽ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠡᠶᠡᠯᠡᠭᠦᠯᠪᠡ᠃ | ᠬᠥᠲᠥᠯᠥᠭᠴᠢ᠄ | ᠡᠨᠡ ᠬᠡᠳᠦᠨ ᠵᠦᠢᠯ ᠤᠨ ᠠᠵᠢᠯ ᠠᠴᠠ ᠭᠠᠳᠠᠨ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠪᠠᠰᠠ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠦᠭᠰᠡᠨ ᠪᠤᠶ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | | | | | ᠨᠢᠳᠤᠨᠤᠨ ᠤ 11 ᠳ᠋ᠤᠭᠡᠷ ᠰᠠᠷ᠎ᠠ ᠠᠴᠠ ᠡᠬᠢᠯᠡᠨ᠂ ᠬᠢᠨᠠᠨ ᠵᠥᠪᠰᠢᠶᠡᠷᠡᠬᠦ ᠲᠥᠪ ᠠᠴᠠ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ | ᠴᠣᠩᠬᠤᠨ ᠳᠤ ᠭᠠᠷᠠᠭ ᠤᠨ ᠵᠢᠷᠭᠤᠭᠠᠨ ᠤ ᠡᠳᠦᠷ ᠴᠠᠭ ᠨᠡᠮᠡᠵᠦ ᠦᠢᠯᠡᠴᠢᠯᠡᠬᠦ ᠶᠢ ᠡᠬᠢᠯᠡᠨ ᠬᠡᠷᠡᠭᠵᠢᠭᠦᠯᠵᠦ᠂ ᠠᠵᠤ | ᠠᠬᠤᠶᠢᠯᠠᠯ ᠣᠯᠠᠨ ᠲᠦᠮᠡᠨ ᠤ ︽ᠡᠩ ᠤᠨ ᠴᠠᠭ ᠲᠤ ᠭᠦᠢᠴᠡᠳᠬᠡᠬᠦ ᠴᠢᠯᠦᠭᠡ ᠦᠭᠡᠢ᠂ ᠠᠮᠠᠷᠠᠬᠤ ᠴᠠᠭ ᠲᠤ | ᠭᠦᠢᠴᠡᠳᠬᠡᠬᠦ ᠭᠠᠵᠠᠷ ᠦᠭᠡᠢ︾ ᠬᠦᠴᠢᠷᠳᠡᠯ ᠢ ᠦᠨᠡᠨ ᠬᠦ ᠰᠢᠢᠳᠪᠦᠷᠢᠯᠡᠪᠡ᠃ ᠡᠭᠦᠨ ᠤ ᠬᠠᠮᠲᠤ᠂ ᠬᠢᠨᠠᠨ | ᠵᠥᠪᠰᠢᠶᠡᠷᠡᠬᠦ ᠲᠥᠪ ᠠᠴᠠ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠠᠵᠢᠯ ᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠬᠢᠭᠤᠯᠵᠤ᠂ ᠣᠳᠣ ᠨᠢᠭᠡᠨᠲᠡ ᠰᠢᠨ᠎ᠡ ᠲᠡᠷᠭᠡ ᠫᠠᠶᠢᠰᠠ ᠡᠯᠭᠦᠬᠦ ᠳᠤ ︽ᠨᠢᠭᠡ ᠶᠠᠪᠤᠳᠠᠯ ᠢ | ᠨᠢᠭᠡ ᠯᠡ ᠤᠳᠠᠭ᠎ᠠ ᠳᠤ ᠭᠦᠢᠴᠡᠳᠬᠡᠬᠦ︾᠂ ᠰᠠᠶ᠋ᠢ ᠲᠥᠷᠥᠭᠰᠡᠨ ᠬᠡᠦᠭᠡᠳ ᠡᠷᠦᠬᠡ ᠠᠮᠠ ᠣᠷᠤᠬᠤ ᠳᠤ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠰᠠᠶ᠋ᠢ ᠲᠦᠷᠦᠭᠰᠡᠨ ᠬᠡᠦᠭᠡᠳ ᠤᠨ ︽ᠨᠢᠭᠡ | ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠨᠢ ᠰᠠᠶ᠋ᠢ ᠲᠥᠷᠥᠭᠰᠡᠨ ᠬᠡᠦᠬᠡᠳ ᠤᠨ | ᠭᠦᠢᠴᠡᠳᠬᠡᠬᠦ ᠴᠢᠬᠤᠯᠠᠲᠠᠢ ᠲᠦᠷᠦᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠬᠡᠦᠬᠡᠳ ᠤᠨ ︽ | ᠰᠡᠷᠭᠡᠶᠢᠯᠡᠯᠲᠡ ᠶᠢᠨ ᠲᠠᠷᠢᠯᠭ᠎ᠠ ᠶᠢᠨ ᠦᠨᠡᠮᠯᠡᠯ︾᠂ ᠡᠷᠦᠬᠡ ᠠᠮᠠ ᠶᠢᠨ ᠳᠠᠩᠰᠠᠯᠠᠯᠲᠠ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠶᠢ ᠬᠢᠨᠠᠨ ᠲᠣᠭᠲᠠᠭᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ | ᠭᠤᠶᠤᠴᠢᠯᠠᠨ ᠠᠪᠬᠤ ᠵᠡᠷᠭᠡ 5 ᠵᠦᠢᠯᠡᠰ ᠢ ᠨᠡᠶᠢᠯᠡᠭᠦᠯᠦᠭᠡᠳ ︽ᠨᠢᠭᠡ ᠤᠴᠢᠷ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠪᠣᠯᠭᠠᠭᠰᠠᠨ ᠪᠦᠭᠡᠳ ︽ᠨᠠᠰᠤ ᠪᠠᠷᠠᠭᠰᠠᠨ ᠤ ᠬᠤᠶᠢᠳᠤᠬᠢ ᠶᠠᠪᠤᠳᠠᠯ ᠢ ᠨᠢᠭᠡ ᠤᠴᠢᠷ ᠢᠶᠠᠷ | ᠬᠦᠢᠴᠡᠳᠭᠡᠬᠦ︾ ᠵᠡᠷᠭᠡ ᠵᠦᠢᠯᠡᠰ ᠢ ᠴᠦ ᠢᠳᠡᠭ ᠢᠳᠡᠭ ᠢᠶᠠᠷ ᠨᠠᠶᠢᠳᠠᠪᠤᠷᠢᠵᠢᠭᠤᠯᠵᠤ ᠪᠠᠶᠢᠨ᠎ᠠ᠃ | ᠡᠭᠦᠨ ᠠᠴᠠ ᠭᠠᠳᠠᠨ᠎ᠠ᠂ ᠮᠠᠨ ᠤ ᠬᠡᠷᠡᠭᠵᠢᠭᠦᠯᠵᠦ ᠪᠠᠶᠢᠭ᠎ᠠ ᠬᠠᠪᠰᠤᠷᠤᠨ ᠰᠢᠢᠳᠪᠦᠷᠢᠯᠡᠵᠦ ᠣᠷᠣᠯᠠᠨ | ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠴᠦ ᠢᠯᠡᠳᠲᠡ ᠪᠠᠶᠢᠵᠤ᠂ ᠬᠤᠲᠠ ᠶᠢᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠳᠣᠲᠣᠭᠠᠳᠤ ᠶᠢ ᠬᠠᠮᠠᠭᠠᠯᠠᠬᠤ ᠬᠠᠪᠰᠤᠷᠤᠨ ᠰᠢᠢᠳᠪᠦᠷᠢᠯᠡᠵᠦ | ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ ᠢ ᠨᠡᠶᠢᠲᠡ 12 ᠪᠠᠶᠢᠭᠤᠯᠵᠤ᠂ ᠭᠤᠶᠤᠴᠢᠯᠠᠭᠴᠢ ᠳᠤ ᠡᠯ᠎ᠡ | ᠲᠥᠷᠥᠯ ᠤᠨ ᠵᠠᠰᠠᠭ ᠤᠨ ᠶᠠᠪᠤᠳᠠᠯ ᠤᠨ ᠵᠦᠢᠯᠡᠰ ᠢ ᠠᠰᠠᠭᠤᠨ ᠯᠠᠪᠯᠠᠬᠤ᠂ ᠵᠢᠯᠤᠭᠤᠳᠬᠤ᠂ ᠵᠣᠬᠢᠴᠠᠭᠤᠯᠬᠤ᠂ | ᠳᠠᠭᠠᠭᠤᠯᠤᠨ ᠭᠦᠢᠴᠡᠳᠬᠡᠬᠦ ᠪᠠ ᠬᠠᠪᠰᠤᠷᠤᠨ ᠰᠢᠢᠳᠪᠦᠷᠢᠯᠡᠵᠦ ᠥᠭᠬᠦ ᠬᠠᠯᠠᠭᠤᠨ ᠳᠤᠯᠠᠭᠠᠨ ᠦᠢᠯᠡᠴᠢᠯᠡᠭᠡ | ᠬᠠᠩᠭᠠᠵᠤ ᠪᠠᠶᠢᠨ᠎ᠠ᠃ | ᠬᠥᠲᠥᠯᠥᠭᠴᠢ᠄ | ᠡᠭᠦᠨ ᠠᠴᠠ ᠦᠵᠡᠬᠦ ᠳᠤ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠴᠢᠩᠭᠠᠷᠠᠭᠤᠯᠤᠭᠰᠠᠭᠠᠷ ᠢᠷᠡᠭᠰᠡᠨ ᠶᠤᠮ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠳᠡᠳ᠋ ᠡᠷᠬᠢᠯᠡᠭᠴᠢ ᠶᠠᠩ ᠾᠧ ᠨᠠᠨ᠄ | ᠲᠡᠶᠢᠮᠦ ᠠ᠋᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠣᠯᠠᠨ ᠲᠦᠮᠡᠨ ᠤ | ᠠᠵᠢᠯ ᠶᠠᠪᠤᠳᠠᠯ ᠬᠦᠢᠴᠡᠳᠭᠡᠬᠦ ᠳᠤ ᠳᠥᠭᠦᠮ ᠦᠵᠡᠭᠦᠯᠬᠦ ᠠᠴᠠ ᠭᠠᠳᠠᠨ᠎ᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠤᠳᠤᠷᠢᠳᠤᠯᠭ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠠᠬᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠳᠡᠮᠵᠢᠭᠰᠡᠭᠡᠷ ᠢᠷᠡᠪᠡ᠃ ᠣᠳᠣᠬᠠᠨ ᠤ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ | ᠪᠦᠲᠦᠭᠡᠵᠦ ᠠᠳᠠᠯ ᠦᠢᠯᠡᠰ ᠴᠣᠭᠴᠠᠯᠠᠬᠤ ᠡᠪᠡᠷᠰᠢᠶᠡᠯ ᠲᠠᠢ ᠠᠰᠠᠭᠤᠳᠠᠯ᠂ ᠬᠦᠴᠢᠷ ᠠᠰᠠᠭᠤᠳᠠᠯ᠂ ᠲᠦᠭᠵᠢᠷᠡᠯ ᠲᠠᠢ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ︽ᠠᠵᠢᠯ ᠶᠠᠪᠤᠳᠠᠯ ᠪᠦᠲᠦᠭᠡᠬᠦ ᠳᠤ ᠬᠥᠮᠥᠨ ᠢ ᠭᠤᠶᠤᠬᠤ ᠦᠭᠡᠢ᠂ ᠲᠥᠷᠥᠯ ᠵᠦᠢᠯ ᠢ | ᠨᠠᠶᠢᠳᠠᠪᠤᠷᠢᠵᠢᠭᠤᠯᠵᠤ ᠳᠡᠶᠢᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠢᠨᠠᠨ | ᠵᠥᠪᠰᠢᠶᠡᠷᠡᠬᠦ ᠲᠥᠪ ᠠᠴᠠ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠢᠭᠡᠳᠦᠭᠡᠷ ᠭᠠᠷ︾ | ᠠᠵᠢᠯ ᠤᠨ ᠴᠣᠪᠤᠷᠠᠯ ᠢ ᠥᠩᠭᠡᠷᠡᠬᠦ ᠠᠵᠢᠯᠯᠠᠭ᠎ᠠ ᠶᠢ ᠲᠦᠷᠦᠭᠦᠯᠡᠨ ᠥᠷᠨᠢᠭᠦᠯᠪᠡ᠃ ᠠᠵᠢᠯᠯᠠᠭ᠎ᠠ ᠶᠢ | ᠥᠷᠨᠢᠭᠦᠯᠦᠭᠰᠡᠨ ᠤ ᠳᠠᠷᠠᠭᠠᠬᠢ ᠬᠠᠮᠤᠭ ᠤᠨ ᠲᠡᠷᠢᠭᠦᠨ ᠳᠤ ᠬᠤᠲᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ | ᠪᠠ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠣᠩᠬᠤᠨ ᠳᠤ ᠬᠦᠷᠴᠦ ᠠᠵᠢᠯ ᠶᠠᠪᠤᠳᠠᠯ | ᠭᠦᠢᠴᠡᠳᠬᠡᠬᠦ ᠴᠤᠪᠤᠷᠠᠯ ᠢ ᠪᠡᠶᠡᠴᠢᠯᠡᠨ ᠣᠶᠢᠯᠠᠭᠠᠵᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠨ ᠳᠤ ᠬᠦᠷᠴᠦ ᠠᠵᠢᠯᠲᠠᠨ ᠤ ᠬᠤᠪᠢ ᠪᠠᠷ ᠴᠣᠩᠬᠤᠨ ᠳᠤ ᠰᠠᠭᠤᠵᠤ᠂ | ᠠᠵᠤ ᠠᠬᠤᠶᠢᠯᠠᠯ ᠣᠯᠠᠨ ᠲᠦᠮᠡᠨ ᠤ ᠬᠤᠪᠢ ᠪᠠᠷ ᠠᠵᠢᠯ ᠤᠨ ᠴᠤᠪᠤᠷᠠᠯ ᠢ ᠦᠩᠭᠡᠷᠡᠪᠡ᠃ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠰᠢ᠂ ᠬᠢᠯᠢ ᠪᠠᠷ ᠣᠷᠣᠵᠤ ᠭᠠᠷᠬᠤ ᠰᠠᠯᠪᠤᠷᠢ ᠠᠩᠭᠢ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︵ | ᠬᠤᠪᠢᠶᠠᠷᠢ︶ ᠲᠣᠪᠴᠢᠶ᠎ᠠ ᠡᠯ᠎ᠡ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠪᠡᠶ᠎ᠡ ᠪᠠᠷ ᠢᠶᠠᠨ ᠣᠶᠢᠯᠠᠭᠠᠬᠤ᠂ | ᠪᠠᠷ᠎ᠠ ᠪᠣᠯᠵᠤ ᠭᠦᠢᠴᠡᠳᠬᠡᠬᠦ᠂ ᠣᠯᠠᠨ ᠲᠦᠮᠡᠨ ᠢ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ ︽ᠨᠢᠭᠡᠳᠦᠭᠡᠷ ᠭᠠᠷ | ᠴᠤᠪᠤᠷᠠᠯ ᠢ ᠥᠩᠭᠡᠷᠡᠬᠦ︾ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠤᠷᠢᠳᠠᠪᠡᠷ ᠠᠰᠠᠭᠤᠨ ᠯᠠᠪᠯᠠᠬᠤ ᠠᠴᠠ | ᠬᠦᠰᠦᠨᠦᠭ ᠲᠠᠭᠯᠠᠬᠤ ᠬᠦᠷᠲᠡᠯ᠎ᠡ᠂ ᠮᠥᠷᠯᠡᠵᠦ ᠭᠦᠢᠴᠡᠳᠬᠡᠬᠦ ᠠᠴᠠ ᠠᠵᠢᠯ ᠶᠠᠪᠤᠳᠠᠯ ᠢ ᠰᠢᠢᠳᠪᠦᠷᠢᠯᠡᠵᠦ | ᠳᠠᠭᠤᠰᠬᠠᠬᠤ ᠬᠦᠷᠲᠡᠯ᠎ᠡ᠂ ᠠᠵᠢᠯ ᠤᠨ ᠪᠦᠬᠦ ᠴᠤᠪᠤᠷᠠᠯ ᠢ ᠥᠩᠭᠡᠷᠡᠪᠡ᠃ ᠭᠤᠣᠯ ᠤᠳᠤᠷᠢᠳᠤᠯᠭ᠎ᠠ ᠪᠣᠯᠣᠨ ᠡᠯ᠎ᠡ | ᠴᠠᠭᠳᠠᠭᠠᠨ ᠤ ᠲᠦᠷᠦᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ | ᠭᠦᠢᠴᠡᠳᠬᠡᠬᠦ ᠶᠠᠪᠤᠴᠠ ᠶᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠵᠤ᠂ ᠲᠣᠪᠤᠶᠢᠮ᠎ᠠ ᠠᠰᠠᠭᠤᠳᠠᠯ ᠢ ᠭᠦᠨᠵᠡᠭᠡᠢ | ᠡᠷᠢᠵᠦ᠂ ᠶᠠᠪᠤᠴᠠ ᠶᠢ ᠰᠤᠳᠤᠯᠤᠨ ᠲᠥᠯᠥᠪᠵᠢᠭᠦᠯᠵᠦ ᠲᠠᠬᠢᠨ ᠪᠦᠲᠦᠭᠡᠵᠦ᠂ ᠠᠵᠢᠯ ᠤᠨ ᠶᠠᠪᠤᠴᠠ ᠶᠢ ᠲᠠᠬᠢᠨ | ᠰᠢᠯᠢᠳᠡᠭᠵᠢᠭᠦᠯᠵᠦ᠂ ᠲᠠᠬᠢᠨ ᠲᠡᠰ ᠳᠡᠪᠰᠢᠭᠦᠯᠬᠦ ᠶᠢ ᠴᠢᠨᠠᠭᠰᠢᠳᠠ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠥᠭᠡᠷᠡᠴᠢᠯᠡᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ | ᠬᠥᠲᠥᠯᠥᠭᠴᠢ᠄ | ᠥᠭᠡᠷᠡᠴᠢᠯᠡᠯᠲᠡ ᠶᠢᠨ ᠶᠠᠪᠤᠴᠠ ᠳᠤ ᠵᠦᠢᠯ ᠵᠦᠢᠯ ᠤᠨ ᠬᠠᠷᠰᠢ ᠰᠠᠭᠠᠳ ᠲᠤᠯᠭᠠᠷᠠᠬᠤ ᠨᠢ ᠯᠠᠪᠲᠠᠢ᠂ ᠲᠡᠭᠡᠪᠡᠯ | ᠠᠵᠢᠯ ᠢ ᠠᠬᠢᠭᠤᠯᠬᠤ ᠶᠠᠪᠤᠴᠠ ᠳᠤ ᠶᠠᠮᠠᠷ ᠠᠰᠠᠭᠤᠳᠠᠯ ᠲᠤᠯᠭᠠᠷᠠᠭᠰᠠᠨ᠂ ᠬᠡᠷᠬᠢᠨ ᠰᠢᠢᠳᠪᠦᠷᠢᠯᠡᠭᠰᠡᠨ ᠲᠤᠬᠠᠢ ᠪᠠᠨ | ᠶᠠᠷᠢᠨ᠎ᠠ ᠤᠤ︖ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠄ | | | | | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ | ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠴᠣᠩᠬᠤᠨ ᠤ ᠦᠢᠯᠡᠴᠢᠯᠡᠭᠡ ᠶᠢᠨ | ᠨᠢᠭᠡᠴᠡ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠦᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ | ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠲᠦᠷᠭᠡᠨ ᠬᠥᠭᠵᠢᠵᠦ ᠳᠡᠪᠰᠢᠪᠡ᠃ ᠭᠡᠪᠡᠴᠦ᠂ ᠬᠥᠳᠡᠯᠦᠩᠭᠦᠢ᠂ | ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠬᠥᠭᠵᠢᠯᠲᠡ ᠠᠴᠠ ᠪᠣᠯᠤᠭᠰᠠᠨ ᠯᠤᠲᠤ ᠶᠡᠭᠡ ᠬᠤᠪᠢᠷᠠᠯᠲᠠ ᠶᠢᠨ ᠡᠮᠦᠨ᠎ᠡ᠂ | ᠴᠣᠩᠬᠤᠨ ᠤ ᠦᠢᠯᠡᠴᠢᠯᠡᠭᠡ ᠶᠢᠨ ᠨᠢᠭᠡᠴᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠪᠠ ᠡᠩᠨᠡᠭᠡᠨ ᠤ | ᠪᠠᠶᠢᠭᠤᠯᠤᠯᠲᠠ ᠳᠤ ᠪᠠᠰᠠ ᠵᠣᠬᠢᠴᠠᠬᠤ ᠦᠭᠡᠢ ᠠᠰᠠᠭᠤᠳᠠᠯ ᠤᠳ ᠢᠯᠡᠷᠡᠭᠰᠡᠨ ᠪᠠᠶᠢᠨ᠎ᠠ᠃ ᠵᠢᠱᠢᠶᠡᠯᠡᠪᠡᠯ᠂ ᠬᠦᠮᠦᠨ | ᠬᠠᠷ᠎ᠠ ᠶᠡᠬᠡᠪᠡᠷ ᠣᠷᠤᠵᠤ ᠭᠠᠷᠬᠤ ᠰᠢᠨ᠎ᠡ ᠬᠡᠪ ᠪᠠᠶᠢᠳᠠᠯ ᠳᠣᠣᠷ᠎ᠠ᠂ ᠰᠦᠯᠵᠢᠶᠡᠨ ᠤ ᠭᠠᠳᠠᠨᠠᠬᠢ ᠪᠠ ᠰᠦᠯᠵᠢᠶᠡᠨ | ᠳᠡᠭᠡᠷᠡᠬᠢ ︽ᠬᠤᠶᠠᠷ ᠴᠣᠩᠬᠤ︾ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ | ᠴᠢᠬᠤᠯᠠᠲᠠᠢ ᠪᠠᠶᠢᠵᠤ᠂ ᠣᠨᠴᠠ ᠵᠠᠷᠢᠮ ᠭᠠᠵᠠᠷ ᠣᠷᠣᠨ ᠤ ᠴᠣᠩᠬᠤᠨ ᠤ ᠦᠢᠯᠡᠴᠢᠯᠡᠭᠡ ᠶᠢᠨ ᠨᠢᠭᠡᠴᠡ ᠶᠢᠨ | ᠪᠦᠲᠦᠭᠡᠨ ᠪᠠᠶᠢᠭᠤᠯᠤᠯᠲᠠ ᠮᠥᠨ ᠬᠦ ᠬᠤᠴᠤᠷᠤᠩᠭᠤᠢ ᠪᠠᠶᠢᠵᠤ᠂ ᠲᠠᠯᠠᠪᠤᠷ ᠭᠠᠵᠠᠷ ᠨᠢ ᠢᠪᠴᠤᠤ᠂ | ᠦᠢᠯᠡᠴᠢᠯᠡᠭᠡᠨ ᠤ ᠲᠣᠭᠤᠷᠢᠭ ᠤᠨ ᠴᠢᠳᠠᠮᠵᠢ ᠨᠢ ᠪᠦᠷᠢᠨ ᠪᠤᠰᠤ ᠪᠠᠶᠢᠵᠤ᠂ ᠥᠪᠡᠷ ᠢᠶᠠᠨ ᠭᠦᠢᠴᠡᠳᠬᠡᠬᠦ | ᠲᠥᠬᠦᠭᠡᠷᠦᠮᠵᠢ ᠨᠡᠮᠡᠬᠦ ᠴᠢᠬᠤᠯᠠᠲᠠᠢ ᠪᠠᠶᠢᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠨᠡᠮᠯᠡᠯ | ᠭᠦᠢᠴᠡᠳᠬᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ | ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠡᠩ ᠲᠡᠷᠢᠭᠦᠨ ᠳᠤ ᠵᠠᠰᠠᠭ ᠤᠨ ᠶᠠᠪᠤᠳᠠᠯ ᠢ ᠠᠷᠠᠳ ᠠᠴᠠ | ᠠᠰᠠᠭᠤᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠡᠷᠡᠭᠴᠡᠭᠡᠨ ᠤ ᠨᠠᠷᠢᠨ ᠲᠠᠩᠰᠠ ᠶᠢ ᠪᠦᠷᠢᠨ | ᠭᠠᠷᠭᠠᠬᠤ ᠪᠣᠯᠣᠨ᠎ᠠ᠂ ᠪᠢᠳᠡ ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ ᠪᠠᠶᠢᠳᠠᠯ ᠢᠶᠠᠨ ᠲᠤᠰᠬᠠᠬᠤ ᠴᠣᠩᠬᠤ | ᠪᠠ ᠬᠢᠨᠠᠯᠲᠠ ᠲᠠᠯᠪᠢᠬᠤ ᠤᠲᠠᠰᠤ ᠶᠢ ᠨᠡᠮᠡᠵᠦ ᠭᠠᠷᠭᠠᠭᠰᠠᠨ ᠪᠥᠭᠡᠳ ᠣᠯᠠᠨ ᠢᠶᠠᠷ ᠢᠶᠠᠨ ᠴᠤ ᠮᠠᠨ ᠤ | ᠦᠢᠯᠡᠴᠢᠯᠡᠭᠡ ᠳᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ᠪᠢᠳᠡ ᠦᠷᠭᠦᠯᠵᠢᠯᠡᠨ ᠤᠯᠠᠨ ᠲᠦᠮᠡᠨ ᠤ ᠳᠤᠮᠳᠠ | ᠭᠦᠨᠵᠡᠭᠡᠶᠢᠷᠡᠵᠦ᠂ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠠᠴᠠ ᠳᠠᠷᠤᠤ | ᠬᠢᠴᠢᠶᠡᠩᠭᠦᠢ ᠪᠠᠷ ᠠᠰᠠᠭᠤᠨ ᠯᠠᠪᠯᠠᠵᠤ᠂ ᠦᠨᠡᠨ ᠰᠡᠳᠬᠢᠯ ᠠᠴᠠ ᠪᠠᠨ ᠠᠷᠠᠳ ᠤᠯᠠᠨ ᠲᠠᠢ ᠦᠵᠡᠯ ᠪᠣᠳᠣᠯ ᠢᠶᠠᠨ | ᠰᠣᠯᠢᠯᠴᠠᠨ ᠣᠶᠢᠯᠠᠭᠠᠯᠴᠠᠵᠤ᠂ ᠠᠷᠠᠳ ᠤᠨ ᠰᠠᠨᠠᠯ ᠢ ᠭᠦᠢᠴᠡᠳ ᠰᠣᠨᠣᠰᠴᠤ᠂ ᠠᠷᠠᠳ ᠤᠨ ᠰᠠᠨᠠᠭ᠎ᠠ ᠶᠢ | ᠢᠯᠡᠷᠡᠭᠦᠯᠵᠦ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ᠎ᠡ︔ ᠤᠯᠠᠨ ᠲᠦᠮᠡᠨ ᠤ ᠰᠡᠳᠬᠢᠯ ᠬᠠᠨᠤᠮᠵᠢᠲᠠᠶ | ᠪᠠᠶᠢᠬᠤ ᠡᠰᠡᠬᠦ ᠪᠠᠷ ᠦᠨᠳᠦᠰᠦᠯᠡᠯ ᠪᠣᠯᠭᠠᠵᠤ᠂ ᠤᠯᠠᠨ ᠲᠦᠮᠡᠨ ᠤ ᠰᠡᠳᠬᠢᠯ ᠬᠠᠨᠤᠮᠵᠢ ᠦᠭᠡᠢ ᠪᠠᠶᠢᠬᠤ ᠶᠢ ᠨᠢ | ᠢᠯᠡᠭᠦᠬᠡᠨ ᠲᠠᠯᠪᠢᠵᠤ᠂ ᠤᠯᠠᠨ ᠲᠦᠮᠡᠨ ᠤ ᠲᠤᠰᠬᠠᠯ ᠶᠡᠬᠡᠲᠡᠢ ᠪᠠᠶᠢᠬᠤ ᠶᠢ ᠨᠢ ᠤᠷᠢᠳᠠᠪᠠᠷ ᠲᠠᠯᠪᠢᠵᠤ᠂ ︽ | ᠵᠠᠰᠠᠭ ᠤᠨ ᠣᠷᠳᠣᠨ ᠠᠴᠠ ᠨᠣᠭᠤᠭ᠎ᠠ ᠬᠦᠷᠭᠡᠬᠦ︾ ᠪᠠᠶᠢᠭᠰᠠᠨ ᠠᠴᠠ ︽ᠤᠯᠠᠨ ᠲᠦᠮᠡᠨ ᠨᠣᠭᠤᠭ᠎ᠠ ᠵᠠᠬᠢᠶᠠᠯᠠᠬᠤ︾ | ᠵᠠᠰᠠᠭ ᠤᠨ ᠶᠠᠪᠤᠳᠠᠯ ᠢ ᠰᠢᠢᠳᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ ᠬᠤᠪᠢᠷᠠᠭᠤᠯᠤᠨ᠎ᠠ︔ ᠠᠷᠠᠳ ᠤᠨ | ᠰᠠᠨᠠᠭ᠎ᠠ ᠶᠢ ᠰᠣᠨᠣᠰᠬᠤ ᠠᠷᠭ᠎ᠠ ᠵᠠᠮ ᠢ ᠥᠷᠭᠡᠳᠬᠡᠵᠦ᠂ ᠤᠯᠠᠮᠵᠢᠯᠠᠯᠲᠤ ᠰᠠᠨᠠᠯ ᠤᠨ ᠬᠠᠶᠢᠷᠴᠠᠭ᠂ ᠪᠠᠶᠢᠴᠠᠭᠠᠯᠲᠠ ᠶᠢᠨ | ᠠᠰᠠᠭᠤᠯᠲᠠ ᠶᠢᠨ ᠬᠠᠭᠤᠳᠠᠰᠤ᠂ ᠭᠤᠮᠣᠳᠠᠯ ᠲᠣᠭᠠᠴᠢᠯᠲᠠ ᠶᠢᠨ ᠤᠲᠠᠰᠤ ᠶᠢ ᠰᠦᠯᠵᠢᠶ᠎ᠡ ᠪᠠᠷ ᠦᠭᠡ ᠦᠯᠡᠳᠡᠭᠡᠬᠦ | ᠵᠡᠷᠭᠡ ᠰᠢᠨ᠎ᠡ ᠮᠠᠶ᠋ᠢᠭ ᠤᠨ ᠠᠷᠠᠳ ᠤᠨ ᠰᠠᠨᠠᠭ᠎ᠠ ᠶᠢ ︽ᠲᠥᠪᠯᠡᠷᠡᠭᠦᠯᠦᠨ ᠲᠠᠷᠬᠠᠭᠠᠬᠤ ᠭᠠᠵᠠᠷ︾ ᠬᠦᠷᠲᠡᠯ᠎ᠡ | ᠥᠷᠭᠡᠳᠬᠡᠵᠦ᠂ ᠤᠯᠠᠨ ᠲᠦᠮᠡᠨ ᠤ ᠳᠤᠷᠠᠳᠤᠭᠰᠠᠨ ᠪᠦᠲᠦᠭᠡᠯᠴᠢ ᠴᠢᠨᠠᠷᠲᠠᠢ ᠰᠠᠨᠠᠯ ᠢ ᠥᠭᠡᠷᠡᠴᠢᠯᠡᠯᠲᠡ ᠶᠢᠨ | ᠬᠠᠷᠠᠯᠲᠠ ᠳᠤ ᠣᠷᠣᠭᠤᠯᠵᠤ᠂ ᠠᠷᠠᠳ ᠤᠯᠠᠨ ᠤ ᠪᠣᠳᠠᠲᠤ ᠬᠡᠷᠡᠭᠴᠡᠭᠡ ᠶᠢ ᠦᠨᠳᠦᠰᠦᠯᠡᠨ᠂ ᠪᠦᠲᠦᠮᠵᠢᠲᠡᠶ | ᠦᠢᠯᠡᠴᠢᠯᠡᠭᠡ ᠬᠠᠩᠭᠠᠵᠤ᠂ ︽ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ︾ ᠤ ᠴᠢᠳᠠᠮᠵᠢ ᠶᠢ | ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠪᠡᠶᠡᠯᠡᠭᠦᠯᠦᠨ᠎ᠡ᠃ | ᠡᠭᠦᠨ ᠤ ᠵᠡᠷᠭᠡ ᠪᠠᠷ ᠠᠷᠠᠳ ᠣᠯᠠᠨ ᠳᠤ ᠡᠶᠡᠯᠳᠡᠭ ᠲᠣᠲᠤᠨᠤ ᠬᠠᠨᠳᠤᠵᠤ᠂ ᠰᠡᠳᠬᠢᠯ ᠬᠠᠨᠤᠮᠵᠢᠲᠠᠶ | ᠪᠠᠶᠢᠯᠭᠠᠬᠤ ᠲᠣᠳᠣᠷᠬᠠᠢ ᠬᠠᠭᠤᠳᠠᠰᠤ ᠶᠢ ᠪᠣᠳᠠᠲᠠᠶᠢᠵᠢᠭᠤᠯᠤᠨ᠎ᠠ ᠭᠡᠵᠡᠢ᠃ ᠣᠷᠣᠨ ᠤ ᠲᠥᠪ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠢᠨ ᠤᠯᠠᠨ ᠲᠦᠮᠡᠨ ᠤ ᠬᠤᠪᠢ ᠪᠡᠶ᠎ᠡ ᠶᠢᠨ ᠲᠥᠷᠥᠭᠳᠡᠯ ᠢ ᠳᠣᠲᠤᠭᠠᠲᠤ ᠶᠢ | ᠬᠠᠮᠠᠭᠠᠯᠠᠬᠤ ᠠᠵᠢᠯ ᠤᠨ ︽ᠴᠠᠭ ᠠᠭᠤᠷ ᠤᠨ ᠬᠡᠮᠵᠢᠭᠦᠷ︾ ᠪᠣᠯᠭᠠᠵᠤ᠂ ᠦᠨᠡᠨ ᠰᠡᠳᠬᠢᠯ ᠠᠴᠠ ᠪᠠᠨ ᠪᠣᠳᠠᠲᠠᠢ | ᠶᠠᠪᠤᠳᠠᠯ ᠬᠢᠵᠦ᠂ ᠪᠦᠬᠦ ᠬᠦᠴᠦᠨ ᠢᠶᠠᠷ ᠢᠶᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠬᠦ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠤᠴᠢᠷ | ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠡᠶᠡᠯᠡᠭᠦᠯᠦᠨ᠎ᠡ᠃ ᠬᠢᠨᠠᠨ | ᠵᠥᠪᠰᠢᠶᠡᠷᠡᠬᠦ ᠬᠡᠷᠡᠭ ᠶᠠᠪᠤᠳᠠᠯ ᠴᠥᠭᠡᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠥᠨᠳᠥᠷ᠂ ᠵᠠᠰᠠᠭ ᠵᠠᠬᠢᠷᠭᠠᠨ ᠤ | ᠥᠪᠡᠷ ᠤᠨ ᠥᠷᠲᠡᠭ ᠳᠣᠣᠷ᠎ᠠ᠂ ᠵᠠᠰᠠᠭ ᠵᠠᠬᠢᠷᠭᠠᠨ ᠤ ᠶᠠᠪᠤᠴᠠ ᠲᠥᠪ ᠭᠤᠥᠯᠴᠢ ᠢᠯᠡ ᠲᠣᠳᠣ ᠪᠠᠶᠢᠬᠤ ᠵᠠᠰᠠᠭ ᠤᠨ | ᠶᠠᠪᠤᠳᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠣᠯᠠᠨ ᠲᠦᠮᠡᠨ ᠤ ᠣᠯᠠᠨ ᠲᠡᠶᠢᠰᠢ ᠭᠦᠶᠦᠬᠦ᠂ ᠣᠨᠳᠣᠣ | ᠭᠠᠵᠠᠷ ᠲᠤ ᠬᠢᠨᠠᠨ ᠵᠥᠪᠰᠢᠶᠡᠷᠡᠬᠦ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠨ᠎ᠡ︔ ᠣᠯᠠᠨ ᠲᠦᠮᠡᠨ ᠤ | ᠡᠮᠦᠨ᠎ᠡ ᠠᠴᠠ ᠪᠣᠳᠤᠵᠤ ᠣᠯᠠᠨ ᠲᠦᠮᠡᠨ ᠳᠤ ᠠᠵᠢᠯ ᠶᠠᠪᠤᠳᠠᠯ ᠭᠦᠢᠴᠡᠳᠬᠡᠬᠦ ᠬᠠᠯᠠᠭᠤᠨ ᠲᠤᠯᠠᠭᠠᠬᠠᠨ ᠣᠷᠴᠢᠨ | ᠨᠥᠬᠦᠴᠡᠯ ᠢ ᠪᠤᠶ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠥᠬᠦᠭᠡᠷᠦᠮᠵᠢ ᠪᠡᠯᠡᠳᠬᠡᠮᠵᠢ | ᠲᠣᠬᠢᠷᠠᠭᠤᠯᠵᠤ᠂ ᠴᠢᠨᠠᠷ ᠰᠠᠶᠢᠲᠠᠢ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ | ᠬᠦᠳᠦᠯᠦᠭᠴᠢ᠄ | ᠮᠠᠨ ᠤ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠷᠡᠰ ᠵᠣᠷᠢᠭ ᠬᠦᠴᠦᠨ ᠢ ᠥᠷᠭᠡᠨ ᠣᠯᠠᠨ ᠨᠠᠶᠢᠵᠠ ᠨᠠᠷ ᠴᠤ ᠬᠡᠳᠦᠨ | ᠴᠠᠭᠳᠠᠭ᠎ᠠ ᠶᠢᠨ ᠳᠠᠷᠤᠭ᠎ᠠ ᠶᠢᠨ ᠶᠠᠷᠢᠯᠴᠠᠭ᠎ᠠ ᠠᠴᠠ ᠣᠶᠢᠯᠠᠭᠠᠵᠤ ᠮᠡᠳᠡᠷᠡᠨ᠎ᠡ ᠭᠡᠳᠡᠭ ᠲᠤ ᠢᠲᠡᠭᠡᠵᠦ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠡᠯ᠎ᠡ ᠱᠠᠲᠤᠨ ᠤ ᠵᠠᠰᠠᠭ ᠤᠨ | ᠣᠷᠳᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠬᠤᠷᠢᠳᠤᠭᠠᠷ ᠶᠡᠭᠡ ᠬᠤᠷᠠᠯ ᠢ ᠤᠭᠲᠤᠵᠤ᠂ | ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠲᠠᠢ ᠤᠶᠠᠯᠳᠤᠭᠤᠯᠵᠤ᠂ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠯᠲᠡ ᠶᠢᠨ ᠣᠷᠴᠢᠨ ᠨᠦᠬᠦᠴᠡᠯ ᠢ ᠳᠠᠰᠤᠷᠠᠯᠳᠠ ᠦᠭᠡᠢ | ᠰᠢᠯᠢᠳᠡᠭᠵᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠦᠪᠡᠭᠴᠢᠯᠡᠨ ᠭᠦᠨᠵᠡᠭᠡᠶᠢᠷᠡᠭᠦᠯᠵᠦ᠂ | ᠬᠠᠮᠵᠢᠯᠴᠠᠬᠤ ᠴᠢᠨᠠᠷ ᠬᠠᠨᠳᠤᠯᠭᠠᠲᠤ ᠴᠢᠨᠠᠷ ᠢ ᠴᠢᠩᠭᠠᠳᠬᠠᠵᠤ᠂ ᠬᠦᠴᠦᠯᠡᠨ ᠴᠢᠷᠮᠠᠶᠢᠵᠤ ᠠᠮᠵᠢᠯᠲᠠ ᠪᠦᠲᠦᠮᠵᠢ | ᠭᠠᠷᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠠᠨᠤᠮᠵᠢᠲᠠᠢ | ᠨᠡᠩ ᠣᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠬᠦᠳᠡᠯᠭᠡᠬᠦ ᠬᠦᠴᠦᠨ ᠨᠡᠮᠡᠷᠢᠯᠡᠨ᠎ᠡ᠃ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ | ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠵᠥᠩ ᠴᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠂ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ | ᠲᠥᠪ ᠤᠨ ᠳᠡᠳ᠋ ᠡᠷᠬᠢᠯᠡᠭᠴᠢ ᠶᠠᠩ ᠡᠾᠧ ᠨ᠊ ᠨᠠᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ | ᠠᠩᠬᠠᠷᠤᠯ ᠲᠠᠯᠪᠢᠵᠤ ᠣᠷᠣᠯᠴᠠᠭᠰᠠᠨ ᠳᠤ ᠪᠠᠶᠠᠷᠯᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ | ᠥᠨᠳᠦᠷᠯᠡᠯ᠎ᠡ᠂ ᠪᠠᠶᠠᠷᠯᠠᠯ᠎ᠠ᠃ | |