ᠾᠧ ᠬᠠᠢ ᠳ᠋ᠦᠩ ᠶᠠᠷᠢᠶ᠎ᠠ ᠲᠠᠯᠪᠢᠵᠤ ᠼᠤᠤ ᠰᠧ ᠶᠠᠩ ᠬᠤᠷᠠᠯ ᠢ ᠡᠷᠬᠢᠯᠡᠪᠡ | 4 ᠳ᠋ᠦ᠋ᠭᠡᠷ ᠰᠠᠷ᠎ᠠ ᠶᠢᠨ 9 ᠤ ᠡᠳᠦᠷ᠂ ᠪᠥᠬᠦ ᠬᠤᠲᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠵᠢᠴᠢ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠡᠰᠢ ᠰᠦᠷᠡᠯ ᠢ | ᠰᠤᠯᠠ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ ᠾᠧ ᠬᠠᠢ ᠳ᠋ᠦᠩ ᠬᠤᠷᠠᠯ ᠳᠡᠭᠡᠷ᠎ᠡ ᠱᠠᠭᠠᠷᠳᠠᠭᠰᠠᠨ ᠨᠢ᠂ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠶᠢ ᠣᠳᠣᠬᠠᠨ ᠤ ᠨᠢᠭᠡ ᠵᠦᠢᠯ ᠤᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠴᠢᠩᠭ᠎ᠠ | ᠠᠳᠬᠤᠵᠤ᠂ ᠬᠠᠷᠢᠭᠤᠴᠠᠯᠭ᠎ᠠ ᠨᠡᠬᠡᠮᠵᠢᠯᠡᠵᠦ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ | ᠰᠠᠶᠢᠲᠤᠷ ᠬᠢᠵᠦ᠂ ᠬᠥᠳᠡᠭᠡ ᠲᠣᠰᠬᠤᠨ ᠢ ᠨᠡᠩ ᠴᠡᠪᠡᠷ ᠴᠡᠮᠴᠡᠭᠡᠷ᠂ ᠨᠡᠩ ᠦᠵᠡᠰᠬᠦᠯᠡᠩᠲᠦ ᠰᠠᠶᠢᠬᠠᠨ᠂ ᠣᠷᠣᠰᠢᠨ | ᠰᠠᠭᠤᠬᠤ ᠳᠤ ᠨᠡᠩ ᠲᠣᠬᠢᠷᠠᠮᠵᠢᠲᠠᠢ ᠪᠣᠯᠭᠠᠬᠤ ᠬᠡᠷᠡᠭᠲᠡᠢ ᠭᠡᠵᠡᠢ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠼᠤᠤ ᠰᠧ ᠶᠠᠩ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠼᠦᠢ ᠵᠧᠨ ᠦ᠋ ᠠᠴᠠ ᠲᠦᠮᠡᠳ | ᠵᠡᠭᠦᠨ ᠬᠤᠰᠢᠭᠤ᠂ ᠬᠤᠷᠢᠨᠭᠡᠷ ᠰᠢᠶᠠᠨ ᠤ ᠣᠯᠠᠨ ᠭᠠᠵᠠᠷ ᠡᠰᠢ ᠰᠦᠷᠡᠯ ᠢ ᠰᠢᠲᠠᠭᠠᠭᠰᠠᠨ ᠠᠰᠠᠭᠤᠳᠠᠯ ᠢ ᠨᠡᠶᠢᠲᠡᠯᠡᠨ | ᠮᠡᠳᠡᠭᠳᠡᠪᠡ᠂ 18 ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ | ᠵᠠᠰᠠᠭ ᠤᠨ ᠶᠠᠪᠤᠳᠠᠯ ᠤᠨ ᠰᠢᠳᠬᠡᠯ ᠪᠤᠶᠤ ᠵᠣᠬᠢᠶᠠᠨ ᠪᠠᠶᠢᠭᠤᠯᠤᠯᠲᠠ ᠶᠢᠨ ᠰᠢᠳᠬᠡᠯ ᠥᠭᠴᠦ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠢ ᠵᠥᠷᠢᠴᠡᠭᠰᠡᠨ 10 ᠬᠥᠮᠥᠨ ᠳᠤ ᠵᠠᠰᠠᠭ ᠵᠠᠬᠢᠷᠭᠠᠨ ᠤ ᠲᠦᠷ ᠬᠤᠷᠢᠬᠤ | ᠠᠷᠭ᠎ᠠ ᠬᠡᠮᠵᠢᠶ᠎ᠡ ᠠᠪᠴᠠᠢ᠃ ᠬᠤᠷᠠᠯ ᠠᠴᠠ ᠪᠠᠰᠠ ᠮᠠᠨ ᠤ ᠬᠤᠳᠠ ᠶᠢᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ | ᠬᠠᠮᠢᠶ᠎ᠠ ᠪᠦᠬᠦᠢ ᠪᠠᠶᠢᠳᠠᠯ ᠤᠨ ᠲᠤᠬᠠᠢ ᠮᠡᠳᠡᠭᠡᠯᠡᠯ ᠢ ᠰᠣᠨᠣᠰᠴᠤ᠂ ᠮᠠᠨ ᠤ ᠬᠤᠳᠠ ᠶᠢᠨ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠡᠰᠢ ᠰᠦᠷᠡᠯ ᠢ | ᠰᠤᠯᠠ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠦᠮᠡᠳ ᠵᠡᠭᠦᠨ | ᠬᠤᠰᠢᠭᠤ᠂ ᠬᠤᠷᠢᠨᠭᠡᠷ ᠰᠢᠶᠠᠨ ᠤ ᠬᠢᠨ ᠠᠴᠠ ᠡᠰᠢ ᠰᠦᠷᠡᠯ ᠢ ᠰᠤᠯᠠ ᠰᠢᠲᠠᠭᠠᠬᠤ ᠶᠢ ᠬᠠᠮᠢᠶᠠᠷᠤᠨ ᠡᠵᠡᠮᠳᠡᠬᠦ | ᠠᠵᠢᠯ ᠤᠨ ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠪᠡ᠃ | ᠾᠧ ᠬᠠᠢ ᠳ᠋ᠦᠩ ᠵᠢᠭᠠᠬᠤ ᠳᠠᠭᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠯᠲᠠ ᠪᠣᠯ ᠠᠵᠢᠯ ᠤᠨ ᠰᠢᠮᠳᠠᠭᠤᠯᠤᠨ ᠪᠠᠶᠢᠴᠠᠭᠠᠯᠲᠠ ᠪᠣᠯᠬᠤ ᠪᠠᠷ ᠪᠠᠷᠠᠬᠤ ᠦᠭᠡᠢ᠂ ᠨᠠᠩ ᠴᠤ ᠤᠯᠤᠰ | ᠲᠥᠷᠥ ᠶᠢᠨ ᠰᠢᠮᠳᠠᠭᠤᠯᠤᠨ ᠪᠠᠶᠢᠴᠠᠭᠠᠯᠲᠠ ᠮᠥᠨ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠪ ᠴᠢᠩᠭ᠎ᠠ ᠴᠢᠨᠠᠷ ᠪᠣᠯᠣᠨ ᠴᠢᠬᠤᠯᠠ ᠴᠢᠨᠠᠷ ᠢ | ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠬᠡᠷᠡᠭ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠥᠪ ᠴᠢᠩᠭ᠎ᠠ ᠨᠠᠷᠢᠨ ᠬᠢᠨᠠᠮᠠᠭᠠᠢ ᠡᠷᠴᠢ ᠬᠦᠴᠦ ᠲᠠᠢ ᠳᠠᠷᠤᠶᠢᠬᠠᠨ ᠰᠠᠶᠢᠲᠤᠷ ᠠᠳᠬᠤᠬᠤ | ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠡᠷᠴᠢᠮᠵᠢᠭᠦᠯᠦᠨ ᠴᠢᠩᠭ᠎ᠠ ᠪᠣᠳᠠᠲᠠᠶᠢᠵᠢᠭᠤᠯᠵᠤ᠂ | ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠵᠣᠷᠢᠭᠲᠠᠢ ᠪᠠᠷ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ ᠬᠡᠷᠡᠭ ᠯᠡ ᠶᠤᠮ ᠪᠣᠯ᠂ ᠶᠠᠮᠠᠷ | ᠠᠰᠠᠭᠤᠳᠠᠯ ᠢ ᠴᠤ ᠭᠡᠰᠡᠨ ᠭᠦᠨᠵᠡᠭᠡᠢ ᠠᠭᠤᠳᠠᠯᠤᠨ ᠲᠤᠶᠢᠯᠪᠤᠷᠢᠲᠠᠢ ᠪᠠᠶᠢᠴᠠᠭᠠᠵᠤ᠂ ᠬᠡᠨ ᠳᠤ ᠬᠤᠯᠪᠣᠭᠳᠠᠭᠰᠠᠨ ᠴᠤ | ᠡᠴᠦᠰ ᠲᠤᠨᠢ ᠲᠤᠯᠲᠠᠯ᠎ᠠ ᠪᠠᠶᠢᠴᠠᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ | ᠨᠡᠬᠡᠮᠵᠢᠯᠡᠬᠦ ︽ᠬᠤᠷᠴᠠ ᠵᠡᠪᠰᠡᠭ︾ ᠢ ᠣᠨᠣᠪᠴᠢᠲᠠᠢ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠪᠠᠨ ᠠᠯᠳᠠᠭᠰᠠᠨ᠂ | ᠲᠤᠰᠢᠶᠠᠯ ᠢᠶᠠᠨ ᠭᠤᠲᠤᠭᠠᠭᠰᠠᠨ᠂ ᠠᠵᠢᠯ ᠬᠢᠬᠦ ᠦᠭᠡᠢ᠂ ᠠᠵᠢᠯ ᠬᠢᠬᠦ ᠪᠠᠨ ᠤᠳᠠᠭᠠᠰᠢᠷᠠᠭᠤᠯᠤᠭᠰᠠᠨ ᠵᠡᠷᠭᠡ | ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ | ᠬᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ | ᠂ ᠪᠦᠲᠦᠮᠵᠢᠲᠡᠢ ᠰᠦᠷ ᠬᠦᠴᠦᠨ ᠢ ᠪᠣᠢ ᠪᠣᠯᠭᠠᠬᠤ ᠬᠡᠷᠡᠭᠲᠡᠢ ᠭᠡᠵᠡᠢ᠃ | ᠾᠧ ᠬᠠᠢ ᠳ᠋ᠦᠩ ᠱᠠᠭᠠᠷᠳᠠᠬᠤ ᠳᠠᠭᠠᠨ᠂ ᠡᠷᠬᠡᠪᠰᠢ ᠶᠡᠭᠡ ᠬᠦᠴᠦ ᠣᠷᠣᠭᠤᠯᠵᠤ ᠪᠠᠶᠢᠭᠠᠳ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠵᠤ᠂ ᠲᠣᠥᠷᠵᠢᠭᠤᠯᠤᠭᠰᠠᠨ ᠲᠣᠭᠤᠷᠢᠨ ᠪᠠᠶᠢᠴᠠᠭᠠᠬᠤ | ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠡᠰᠡᠭ ᠬᠤᠪᠢᠶᠠᠨ ᠳᠠᠭᠠᠭᠠᠴᠢᠯᠠᠭᠤᠯᠵᠤ᠂ | ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠨᠠᠶᠢᠳᠠᠪᠤᠷᠢᠵᠢᠭᠤᠯᠤᠨ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠳᠤ ︽ᠣᠷᠣᠨ ᠵᠠᠢ ᠳᠦ ᠨᠡᠶᠢᠳᠡᠮ | ᠪᠦᠷᠬᠦᠭᠦᠯᠵᠦ᠂ ᠬᠠᠷᠢᠭᠤᠴᠠᠯᠭ᠎ᠠ ᠳᠤ ᠪᠠᠯᠠᠢ ᠭᠠᠵᠠᠷ ᠦᠭᠡᠢ᠂ ᠬᠢᠨᠠᠯᠲᠠ ᠬᠠᠮᠢᠶᠠᠷᠤᠯᠲᠠ ᠳᠤ ᠵᠠᠢ ᠵᠠᠪᠰᠠᠷ ᠦᠭᠡᠢ︾ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠠᠷᠢᠶᠠᠴᠢᠨ ᠲᠦᠮᠡᠨ ᠤ | ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ᠃ ︽ᠵᠠᠯᠬᠠᠭᠠᠬᠤ︾ ᠲᠠᠯ᠎ᠠ ᠪᠠᠷ ᠦᠨᠡᠨ ᠪᠣᠳᠠᠲᠠᠢ ᠠᠵᠢᠯᠯᠠᠭ᠎ᠠ ᠠᠪᠴᠤ᠂ ᠴᠢᠩᠭ᠎ᠠ ᠠᠭᠤᠷ ᠠᠮᠢᠰᠬᠤᠯ ᠪᠠ | ᠵᠠᠯᠬᠠᠭᠠᠬᠤ ᠡᠷᠴᠢᠮ ᠢ ᠢᠮᠠᠭᠲᠠ ᠪᠠᠷᠢᠮᠲᠠᠯᠠᠨ᠂ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠬᠠᠷᠢᠭᠤᠴᠠᠯᠭ᠎ᠠ | ᠨᠡᠬᠡᠮᠵᠢᠯᠡᠬᠦ ᠲᠣᠭᠲᠠᠴᠠ ᠶᠢ ᠡᠬᠢᠯᠡᠨ ᠬᠡᠷᠡᠭᠯᠡᠨ᠂ ᠡᠰᠢ ᠰᠦᠷᠡᠯ ᠢ ᠰᠢᠲᠠᠭᠠᠬᠤ ᠦᠶᠯᠡ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠰᠢᠳᠭᠡᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ | ᠢᠯᠡᠴᠢᠯᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ | ᠳᠡᠭᠡᠭᠰᠢᠯᠡᠭᠦᠯᠵᠦ᠂ ᠠᠰᠠᠭᠤᠳᠠᠯ ᠢ ᠡᠬᠢ ᠡᠭᠦᠰᠦᠯ ᠠᠴᠠ ᠨᠢ ᠦᠨᠳᠦᠰᠦᠨ ᠠᠴᠠ ᠨᠢ ᠲᠤᠶᠢᠯᠪᠤᠷᠢᠲᠠᠢ ᠰᠢᠢᠳᠪᠦᠷᠢᠯᠡᠬᠦ | ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭᠠᠨ ᠤ | ᠲᠥᠰᠥᠯ ᠢᠶᠠᠷ ᠭᠠᠷᠳᠠᠴᠠ ᠪᠣᠯᠭᠠᠵᠤ᠂ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢ ᠨᠠᠷᠢᠯᠢᠭᠵᠢᠭᠤᠯᠵᠤ᠂ ᠭᠤᠣᠯᠳᠠᠯᠭ᠎ᠠ ᠶᠢ ᠲᠣᠪᠤᠶᠢᠯᠭᠠᠨ᠂ ᠰᠠᠯᠠᠭ᠎ᠠ ᠮᠥᠴᠢᠷ ᠪᠠ ᠭᠠᠵᠠᠷ ᠣᠷᠣᠨ ᠤ | ᠵᠣᠬᠢᠴᠠᠯᠳᠤᠨ ᠬᠤᠯᠪᠤᠭᠠᠯᠠᠨ ᠬᠥᠳᠡᠯᠦᠯᠴᠡᠵᠦ᠂ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠵᠤ᠂ ᠰᠢᠶᠠᠨ ᠰᠢᠶᠠᠩ | ᠲᠣᠰᠬᠤᠨ ᠭᠤᠷᠪᠠᠨ ᠱᠠᠲᠤᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠭᠡᠷ | ᠹᠷᠣᠨᠲ ᠤᠨ ᠠᠵᠢᠯ ᠤᠨ ᠠᠷᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ ᠭᠡᠵᠡᠢ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠦ ᠵᠢᠶᠠᠨ ᠭᠦᠸᠧ᠂ ᠵᠠᠩ | ᠶᠦᠩ ᠸᠧᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠹᠠᠨ ᡁᠢ ᠵᠥᠩ᠂ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠨᠠᠷᠢᠨ ᠪᠢᠴᠢᠭ ᠤᠨ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠯᠢᠦ ᠵᠢᠶᠠᠨ | ᠸᠧᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ | ᠲᠠᠯᠠᠪᠠᠶ ᠳᠤ ᠬᠤᠷᠠᠯ ᠳᠤ ᠣᠷᠣᠯᠴᠠᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ | ᠂ ᠡᠯ᠎ᠡ ᠬᠤᠰᠢᠭᠤ ᠰᠢᠶᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ᠂ ᠪᠠᠯᠭᠠᠰᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠨᠥᠬᠦᠳ ᠬᠤᠰᠢᠭᠤ ᠰᠢᠶᠠᠨ ᠤ ᠬᠤᠪᠢᠶᠠᠷᠢ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃ ︵ᠯᠢᠦ ᠬᠤᠢ ᠬᠤᠢ︶ |