4 ᠳ᠋ᠦ᠋ᠭᠡᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/4/11
     4 ᠳ᠋ᠦ᠋ᠭᠡᠷ ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠲᠡᠨ ᠠᠴᠠ 2 ᠬᠥᠮᠥᠨ ︵ᠴᠥᠮ ᠲᠦᠩᠯᠢᠶᠣᠣ ᠬᠤᠲᠠ ᠳᠤ︶ ᠢᠯᠡᠰᠢᠷᠡᠵᠦ ᠡᠮᠨᠡᠯᠭᠡ ᠠᠴᠠ ᠭᠠᠷᠪᠠ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 5 ᠬᠦᠮᠦᠨ ︵ᠴᠥᠮ ᠲᠦᠩᠯᠢᠶᠤᠤ ᠬᠤᠲᠠ ᠳᠤ︶ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃   4 ᠳ᠋ᠦ᠋ᠭᠡᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠡᠭᠦᠨ ᠳᠤ ᠬᠥᠬᠡᠬᠤᠲᠠ ᠳᠤ 1᠂ ᠲᠦᠩᠯᠢᠶᠣᠣ ᠬᠤᠲᠠ ᠳᠤ 4᠂ ᠤᠯᠠᠭᠠᠨᠬᠠᠳᠠ ᠬᠤᠲᠠ ᠳᠤ 1 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠪᠠᠶᠢᠵᠤ᠂ ᠡᠭᠦᠨ ᠳᠤ ᠬᠥᠬᠡᠬᠤᠲᠠ ᠳᠤ 4᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 2 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃   2 ᠳ᠋ᠤᠭᠠᠷ ᠰᠠᠷ᠎ᠠ ᠶᠢᠨ 15 ᠤ ᠡᠳᠦᠷ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 495 ᠮᠡᠳᠡᠭᠦᠯᠪᠡ᠂ ᠡᠭᠦᠨ ᠳᠤ ᠬᠥᠬᠡᠬᠤᠲᠠ 436᠂ ᠪᠤᠭᠤᠲᠤ ᠬᠤᠲᠠ 25᠂ ᠬᠥᠯᠥᠨ ᠪᠤᠶᠢᠷ ᠬᠤᠲᠠ 15᠂ ᠬᠢᠩᠭᠠᠨ ᠠᠶᠢᠮᠠᠭ 1᠂ ᠲᠦᠩᠯᠢᠶᠣᠣ ᠬᠤᠲᠠ 9᠂ ᠤᠯᠠᠭᠠᠨᠬᠠᠳᠠ ᠬᠤᠲᠠ 1᠂ ᠣᠷᠳᠣᠰ ᠬᠤᠲᠠ 3᠂ ᠪᠠᠶᠠᠨᠨᠠᠭᠤᠷ ᠬᠤᠲᠠ 3᠂ ᠠᠯᠠᠱᠠ ᠠᠶᠢᠮᠠᠭ 2 ᠮᠡᠳᠡᠭᠦᠯᠪᠡ᠃ ᠨᠡᠶᠢᠲᠡ 488 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠠᠴᠠ 435᠂ ᠪᠤᠭᠤᠲᠤ ᠬᠤᠲᠠ ᠠᠴᠠ 25᠂ ᠬᠥᠯᠥᠨ ᠪᠤᠶᠢᠷ ᠬᠤᠲᠠ ᠠᠴᠠ 15᠂ ᠲᠦᠩᠯᠢᠶᠣᠣ ᠬᠤᠲᠠ ᠠᠴᠠ 5᠂ ᠣᠷᠳᠣᠰ ᠬᠤᠲᠠ ᠠᠴᠠ 3᠂ ᠪᠠᠶᠠᠨᠨᠠᠭᠤᠷ ᠬᠤᠲᠠ ᠠᠴᠠ 3᠂ ᠠᠯᠠᠱᠠ ᠠᠶᠢᠮᠠᠭ ᠠᠴᠠ 2 ᠪᠣᠢ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1