4 ᠳ᠋ᠦ᠋ᠭᠡᠷ ᠰᠠᠷ᠎ᠠ ᠶᠢᠨ 10 ᠤ ᠡᠳᠦᠷ᠂ ᠴᠢᠩ ᠱᠦᠢ ᠾᠧ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠪᠣᠯᠣᠨ ᠥᠪᠥᠷ ᠮᠣᠩᠭᠤᠯ ᠤᠨ ᠴᠢᠩ ᠾᠧ ᠰᠣᠶᠣᠯ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠬᠢᠯᠡᠭᠰᠡᠨ ᠪᠦᠬᠦ ᠰᠢᠶᠠᠨ ᠤ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ | ᠦᠢᠯᠡᠳᠪᠦᠷᠢᠯᠡᠯ ᠪᠣᠯᠣᠨ A ᠳᠡᠰ ᠤᠨ ᠦᠵᠡᠮᠵᠢ ᠶᠢᠨ ᠣᠷᠣᠨ ᠤ ᠠᠵᠢᠯᠲᠠᠳ ᠤᠨ ᠬᠠᠮᠢᠶᠠᠷᠤᠯᠲᠠ ᠦᠢᠯᠡᠴᠢᠯᠡᠭᠡᠨ ᠤ | ᠶᠣᠰᠣᠯᠠᠯ ᠤᠨ ᠪᠣᠯᠪᠠᠰᠤᠷᠠᠯ ᠤᠨ ᠬᠤᠷᠠᠯ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠲᠠᠪᠤᠳᠤᠭᠠᠷ | ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠪᠠ᠃ | | | | | | ᠰᠢᠶᠠᠨ ᠤ ᠳᠡᠳ᠋ ᠳᠠᠷᠤᠭ᠎ᠠ ᠸᠠᠩ ᠬᠤᠢ ᠮᠢᠨ ᠰᠤᠷᠤᠯᠭ᠎ᠠ ᠡᠬᠢᠯᠡᠬᠦ ᠶᠣᠰᠣᠯᠠᠯ ᠳᠤ ᠣᠷᠤᠯᠴᠠᠬᠤ ᠳᠠᠭᠠᠨ | ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠤᠯᠤᠰ ᠤᠨ ᠭᠠᠳᠠᠭᠠᠳᠤ ᠳᠤ ᠬᠢᠵᠢᠭ ᠤᠨ ᠪᠠᠶᠢᠳᠠᠯ ᠦᠷᠭᠦᠯᠵᠢᠯᠡᠨ | ᠨᠡᠮᠡᠭᠳᠡᠵᠦ᠂ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠪᠠᠶᠢᠨ ᠲᠠᠬᠢᠨ ᠡᠭᠦᠰᠴᠦ ᠪᠠᠶᠢᠨ᠎ᠠ᠂ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ | ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠴ᠊ ᠡ᠂ | ᠲᠠᠶᠢᠨ ᠠᠴᠠ ᠵᠢᠭᠰᠢᠬᠦ ᠰᠡᠳᠬᠢᠯᠭᠡ ᠶᠢ ᠡᠷᠡᠰ ᠲᠡᠪᠴᠢᠬᠦ ᠬᠡᠷᠡᠭᠲᠡᠢ᠃ ᠲᠠᠪᠤᠨ ᠰᠠᠷ᠎ᠠ ᠶᠢᠨ ᠨᠢᠭᠡᠨ ᠤ ᠡᠳᠦᠷ ᠬᠦᠷᠴᠦ | ᠢᠷᠡᠬᠦᠶ᠎ᠡ᠂ ᠬᠥᠮᠥᠨ ᠤ ᠲᠤᠭ᠎ᠠ ᠬᠡᠮᠵᠢᠶ᠎ᠡ ᠤᠯᠠᠮ ᠨᠢᠭᠡ ᠠᠯᠬᠤᠮ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠬᠦ ᠨᠢ ᠮᠥᠨ ᠬᠦ ᠮᠠᠰᠢ ᠪᠡᠷᠬᠡ ᠬᠠᠲᠠᠭᠤᠵᠢᠯᠲᠠᠢ ᠪᠠᠶᠢᠨ᠎ᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠳ ᠤᠯᠤᠰ ᠤᠨ ᠳᠣᠲᠣᠭᠠᠳᠤ ᠶᠢᠨ ᠳᠤᠮᠳᠠ ᠠᠶᠤᠯ | ᠲᠦᠭᠰᠢᠭᠦᠷᠢ ᠶᠡᠬᠡᠲᠡᠢ ᠭᠠᠵᠠᠷ ᠣᠷᠣᠨ ᠤ ᠶᠠᠪᠤᠯᠴᠠᠭ᠎ᠠ ᠶᠢᠨ ᠬᠥᠮᠥᠰ ᠢ ᠨᠢᠭᠲᠠ ᠠᠩᠬᠠᠷᠴᠤ᠂ ᠳᠤᠯᠠᠭᠠᠨ ᠢ ᠬᠡᠮᠵᠢᠬᠦ᠂ | ᠨᠢᠭᠡ ᠮᠧᠲᠷ ᠤᠨ ᠱᠤᠭᠤᠮ᠂ ᠠᠷᠢᠭᠤᠳᠬᠠᠨ ᠠᠷᠢᠯᠭᠠᠬᠤ᠂ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠢ | ᠪᠠᠶᠢᠴᠠᠭᠠᠨ ᠰᠢᠯᠭᠠᠬᠤ᠂ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠣᠷᠣᠨ ᠰᠠᠭᠤᠴᠠ ᠶᠢᠨ ᠲᠡᠦᠬᠡ | ᠪᠠᠶᠢᠬᠤ ᠡᠰᠡᠬᠦ ᠶᠢ ᠠᠰᠠᠭᠤᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ᠃ ᠬᠥᠮᠥᠨ ᠪᠣᠳᠠᠰ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ | ᠭᠤᠣᠯᠳᠠᠯᠭ᠎ᠠ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ᠂ ᠡᠳ᠋ ᠪᠣᠳᠠᠰ ᠢ ᠵᠢᠭᠰᠠᠭᠠᠨ ᠪᠠᠶᠢᠴᠠᠭᠠᠵᠤ | ᠬᠠᠮᠢᠶᠠᠷᠤᠨ ᠡᠵᠡᠮᠳᠡᠬᠦ ᠳᠤ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠡᠭᠦᠨ ᠤ ᠬᠠᠮᠲᠤ᠂ | ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠶᠢ ᠴᠢᠩᠳᠠᠯᠠᠵᠤ᠂ ᠵᠢᠭᠤᠯᠴᠢᠯᠠᠯ ᠤᠨ ᠦᠵᠡᠮᠵᠢ ᠶᠢᠨ | ᠣᠷᠣᠨ᠂ ᠺᠢᠨᠣ᠋ ᠶᠢᠨ ᠣᠷᠳᠣᠨ᠂ ᠨᠣᠮ ᠤᠨ ᠰᠠᠩ ᠵᠡᠷᠭᠡ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ | ᠭᠠᠵᠠᠷ ᠲᠤ᠂ ᠬᠥᠮᠥᠨ ᠬᠠᠷ᠎ᠠ ᠳᠠᠩᠰᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠪᠠᠰᠠ ᠠᠷᠢᠭᠤᠳᠬᠠᠨ ᠠᠷᠢᠯᠭᠠᠬᠤ | ᠠᠵᠢᠯ ᠢ ᠦᠨᠡᠨ ᠬᠦ ᠰᠠᠶᠢᠲᠤᠷ ᠬᠢᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠴᠤᠭᠯᠠᠷᠠᠯ ᠤᠨ | ᠴᠢᠨᠠᠷᠲᠠᠢ ᠠᠵᠢᠯᠯᠠᠭ᠎ᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠰᠢᠶᠠᠨ ᠤ ᠳᠣᠲᠣᠷ᠎ᠠ ᠵᠠᠷᠴᠢᠮ | ᠳᠡᠭᠡᠷ᠎ᠡ ᠪᠠᠨ ᠶᠡᠭᠡ ᠬᠡᠮᠵᠢᠶ᠎ᠡ ᠪᠠᠷ ᠴᠤᠭᠯᠠᠷᠠᠬᠤ ᠶᠢ ᠵᠥᠪᠰᠢᠶᠡᠷᠡᠬᠦ ᠦᠭᠡᠢ᠂ ᠴᠤᠭᠯᠠᠷᠠᠯ ᠤᠨ ᠴᠢᠨᠠᠷᠲᠠᠢ ᠲᠣᠮᠣ | ᠬᠡᠯᠪᠡᠷᠢ ᠶᠢᠨ ᠪᠡᠯᠭᠡᠯᠡᠬᠦ ᠠᠵᠢᠯᠯᠠᠭ᠎ᠠ ᠶᠢ ᠴᠤ ᠬᠢᠬᠦ ᠦᠭᠡᠢ᠃ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ | ᠲᠠᠮᠢᠷ ᠤᠨ ᠤᠷᠤᠯᠳᠤᠭᠠᠨ᠂ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ᠂ ᠨᠠᠶᠢᠷ ᠨᠠᠭᠠᠳᠤᠮ ᠵᠡᠷᠭᠡ ᠲᠠᠯᠠᠪᠤᠷ ᠤᠳ | ᠬᠡᠷᠡᠭᠯᠡᠭᠡᠨ ᠤ ᠬᠥᠮᠥᠨ ᠤ ᠲᠤᠭ᠎ᠠ ᠶᠢ ᠬᠢᠵᠠᠭᠠᠷᠯᠠᠬᠤ ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠴᠠᠭ | ᠬᠤᠪᠢᠶᠠᠨ ᠪᠣᠯᠵᠣᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠤᠨ ᠭᠱᠠᠨ ᠵᠠᠭᠤᠷ᠎ᠠ ᠶᠢᠨ | ᠤᠷᠤᠰᠴᠠ ᠶᠢ ᠬᠢᠵᠠᠭᠠᠷᠯᠠᠬᠤ ᠬᠡᠷᠡᠭᠲᠡᠢ ᠭᠡᠵᠡᠢ᠃ | | | | | | ᠪᠣᠯᠪᠠᠰᠤᠷᠠᠯ ᠤᠨ ᠬᠤᠷᠠᠯ ᠳᠡᠭᠡᠷ᠎ᠡ᠂ ᠬᠥᠬᠡᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠦᠨᠡᠯᠡᠨ | ᠲᠣᠭᠲᠠᠭᠠᠬᠤ ᠵᠥᠪᠯᠡᠯ ᠤᠨ ᠭᠡᠰᠢᠭᠦᠨ ᠰᠦ ᠫᠧᠩ ᠹᠧᠢ᠂ ᠳᠡᠭᠡᠳᠦ ᠵᠡᠷᠭᠡ ᠶᠢᠨ ᠶᠣᠰᠣᠯᠠᠯ ᠤᠨ ᠪᠣᠯᠪᠠᠰᠤᠷᠠᠭᠤᠯᠤᠭᠴᠢ | ᠵᠠᠩ ᠱᠣᠸ ᠨᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯᠲᠡᠨ ᠸᠠᠩ ᠫᠢᠩ᠂ | ᠬᠤᠪᠧᠢ ᠶᠢ ᠲᠤᠰᠠᠯᠠᠭᠰᠠᠨ ᠪᠠᠭᠠᠲᠤᠷ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠵᠠᠩ | ᠯᠢᠶᠠᠩ ᠢ ᠲᠤᠰᠬᠠᠶᠢᠯᠠᠨ ᠤᠷᠢᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠵᠢᠴᠢ ᠦᠵᠡᠮᠵᠢ ᠶᠢᠨ ᠣᠷᠣᠨ ᠤ | ᠠᠵᠢᠯᠲᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠬᠦ᠂ ᠠᠵᠢᠯᠲᠠᠳ ᠤᠨ | ᠶᠣᠰᠣ ᠵᠢᠷᠤᠮ ᠤᠨ ᠲᠠᠯ᠎ᠠ ᠪᠠᠷ ᠨᠠᠷᠢᠨ ᠲᠣᠳᠣᠷᠬᠠᠢ ᠣᠨᠣᠯ ᠤᠨ ᠮᠡᠳᠡᠯᠭᠡ ᠶᠢᠨ ᠲᠠᠶᠢᠯᠤᠮᠵᠢ ᠪᠠ ᠲᠤᠬᠠᠢ ᠶᠢᠨ | ᠲᠠᠯᠠᠪᠤᠷ ᠤᠨ ᠦᠵᠡᠭᠦᠯᠦᠯᠭᠡ ᠬᠢᠵᠡᠢ᠃ | ᠰᠢᠶᠠᠨ ᠤ ᠰᠣᠶᠣᠯ ᠤᠨ ᠣᠷᠳᠣᠨ᠂ ᠨᠣᠮ ᠤᠨ ᠰᠠᠩ ᠪᠣᠯᠣᠨ ᠡᠯ᠎ᠡ ᠰᠦᠯᠵᠢᠶᠡᠨ ᠤ ᠪᠠᠭᠠᠷ᠂ KTV᠂ | ᠨᠣᠮ ᠤᠨ ᠳᠡᠯᠭᠡᠭᠦᠷ᠂ ᠺᠢᠨᠣ᠋ ᠶᠢᠨ ᠣᠷᠳᠣᠨ᠂ ᠴᠢᠴᠢᠭᠦᠷ ᠪᠥᠮᠪᠦᠭᠡ ᠶᠢᠨ ᠲᠢᠩᠬᠢᠮ᠂ ᠤᠮᠪᠠᠯᠲᠠ ᠶᠢᠨ ᠣᠷᠳᠣᠨ᠂ ᠬᠡᠪᠯᠡᠬᠦ | ᠦᠢᠯᠡᠳᠪᠦᠷᠢ᠂ A ᠳᠡᠰ ᠤᠨ ᠦᠵᠡᠮᠵᠢ ᠶᠢᠨ ᠣᠷᠣᠨ ᠤ ᠭᠤᠣᠯ ᠬᠠᠷᠢᠭᠤᠴᠠᠯᠭᠠᠲᠠᠨ ᠵᠢᠴᠢ ᠠᠵᠢᠯᠯᠠᠭᠴᠢᠳ | ᠪᠣᠯᠪᠠᠰᠤᠷᠠᠯ ᠳᠤ ᠣᠷᠣᠯᠴᠠᠵᠠᠢ᠃ |