3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 32719.7 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2022/4/12
     ︵ᠰᠤᠷᠪᠤᠯᠵᠢᠯᠠᠭᠴᠢ ᠰᠥᠩ ᠰᠢᠶᠠᠩ ᠬᠤᠸᠠ︶ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 32719.7 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠲᠠᠷᠬᠠᠭᠠᠪᠠ᠃ ᠡᠭᠦᠨ ᠳᠤ᠂ ᠲᠠᠷᠢᠶᠠᠴᠢᠳ ᠤᠨ ᠨᠥᠬᠦᠪᠦᠷᠢ ᠪᠡᠯᠡ ᠮᠥᠩᠭᠦ 29507.33 ᠲᠦᠮᠡᠨ ᠲᠥᠭᠦᠷᠢᠭ ᠬᠦᠷᠴᠦ᠂ 90.18% ᠶᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 3212.37 ᠲᠦᠮᠡᠨ ᠲᠥᠭᠦᠷᠢᠭ ᠬᠦᠷᠴᠦ᠂ 9.82% ᠢ ᠡᠵᠡᠯᠡᠪᠡ᠃ ᠪᠦᠬᠦ ᠬᠤᠳᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 660686 ᠬᠥᠮᠥᠨ ᠤᠳᠠᠭ᠎ᠠ ᠲᠠᠷᠬᠠᠭᠠᠪᠠ᠃      1—3 ᠳ᠋ᠤᠭᠠᠷ ᠰᠠᠷ᠎ᠠ ᠳᠤ᠂ ᠮᠠᠨ ᠤ ᠬᠤᠲᠠ ᠶᠢᠨ ︽ᠪᠦᠷᠢᠨ ᠴᠢᠳᠠᠮᠵᠢᠲᠤ ᠺᠠᠷᠲ︾ ᠢᠶᠠᠷ ᠲᠠᠷᠬᠠᠭᠠᠭᠰᠠᠨ ᠪᠡᠯᠡ ᠮᠥᠩᠭᠦ ᠶᠢᠨ ᠨᠥᠬᠦᠪᠦᠷᠢ ᠶᠢᠨ ᠲᠥᠷᠥᠯ ᠵᠦᠢᠯ ᠨᠡᠶᠢᠲᠡ 9 ᠬᠦᠷᠢᠶᠡᠨ ᠤ 42 ᠲᠥᠷᠥᠯ ᠤᠨ 50 ᠵᠦᠢᠯ ᠳᠤ ᠬᠤᠯᠪᠣᠭᠳᠠᠪᠠ᠃ ᠡᠭᠦᠨ ᠳᠤ᠂ ᠲᠠᠷᠬᠠᠭᠠᠭᠰᠠᠨ ᠵᠣᠭᠤᠰ ᠤᠨ ᠲᠤᠭ᠎ᠠ ᠪᠠᠷ ᠨᠡᠯᠢᠶᠡᠳ ᠶᠡᠭᠡ ᠨᠢ ᠭᠤᠣᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ᠂ ᠣᠶ ᠰᠢᠭᠤᠢ ᠶᠢᠨ ᠲᠥᠷᠥᠯ᠂ ᠲᠠᠷᠢᠶᠠᠯᠠᠩ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠡᠷᠭᠡ ᠲᠠᠪᠤᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠦᠷᠢ ᠪᠡᠯᠡ ᠮᠦᠩᠭᠦ ᠪᠣᠯᠣᠨ᠎ᠠ᠂ ᠲᠣᠰ ᠲᠣᠰ᠄ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 24676.49 ᠲᠦᠮᠡᠨ ᠲᠥᠭᠦᠷᠢᠭ᠂ 75.42% ᠢ ᠡᠵᠡᠯᠡᠨ᠎ᠡ︔ ᠴᠠᠯᠢᠩ ᠤᠨ ᠨᠥᠬᠦᠪᠦᠷᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 4823.86 ᠲᠦᠮᠡᠨ ᠲᠥᠭᠦᠷᠢᠭ᠂ 14.74% ᠶᠢ ᠡᠵᠡᠯᠡᠨ᠎ᠡ︔ ᠣᠶ ᠰᠢᠭᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 2233.03 ᠲᠦᠮᠡᠨ ᠲᠥᠭᠦᠷᠢᠭ᠂ 6.82% ᠢ ᠡᠵᠡᠯᠡᠨ᠎ᠡ︔ ᠲᠠᠷᠢᠶᠠᠯᠠᠩ ᠤᠨ ᠲᠥᠷᠥᠯ ᠤᠨ ᠨᠥᠬᠦᠪᠦᠷᠢ ᠪᠡᠯᠡ ᠮᠥᠩᠭᠦ 521.34 ᠲᠦᠮᠡᠨ ᠲᠥᠭᠦᠷᠢᠭ᠂ 1.59% ᠶᠢ ᠡᠵᠡᠯᠡᠨ᠎ᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 188.53 ᠲᠦᠮᠡᠨ ᠲᠥᠭᠦᠷᠢᠭ᠂ 0.58% ᠶᠢ ᠡᠵᠡᠯᠡᠨ᠎ᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1