ᠯᠣᠣ ᠨᠢᠦ ᠸᠠᠨ ᠪᠠᠯᠭᠠᠰᠤ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2022/4/13
     ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠪᠡᠶᠡᠯᠡᠭᠦᠯᠬᠦ ᠴᠢᠬᠤᠯᠠ ᠭᠠᠷᠳᠠᠴᠠ ᠪᠣᠯᠣᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠤᠰᠠᠳᠠ᠂ ᠣᠶᠢᠷ᠎ᠠ ᠶᠢᠨ ᠡᠳᠦᠷ ᠤᠳ ᠲᠤ᠂ ᠴᠢᠩ ᠱᠦᠢ ᠡᡁᠸ ᠰᠢᠶᠠᠨ ᠤ ᠯᠣᠣ ᠨᠢᠦ ᠸᠠᠨ ᠪᠠᠯᠭᠠᠰᠤ ᠶᠢᠨ ᠬᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠡᠢ᠃
     ᠯᠣᠣ ᠨᠢᠦ ᠸᠠᠨ ᠪᠠᠯᠭᠠᠰᠤᠨ ᠳᠤ ᠬᠦᠷᠬᠦ ᠳᠤ᠂ ᠲᠣᠰᠬᠤᠨ ᠤ ᠺᠠᠳ᠋ᠷ᠂  ᠰᠠᠶᠢᠨ ᠳᠤᠷ᠎ᠠ ᠶᠢᠨ ᠦᠢᠯᠡᠴᠢᠯᠡᠭᠴᠢᠳ ᠱᠦᠭᠦᠷ ᠪᠠᠷᠢᠵᠤ ᠲᠣᠰᠬᠤᠨ ᠤ ᠵᠢᠭᠤᠯᠴᠢᠯᠠᠯ ᠤᠨ ᠵᠠᠮ ᠤᠨ ᠬᠤᠶᠠᠷ ᠲᠠᠯ᠎ᠠ᠂ ᠭᠡᠷ ᠤᠨ ᠠᠷᠤ ᠲᠠᠯ᠎ᠠ ᠶᠢ ᠴᠡᠪᠡᠷᠯᠡᠬᠦ ᠶᠢᠨ ᠬᠠᠮᠲᠤ ᠲᠣᠰᠬᠤᠨ ᠤ ᠳᠣᠲᠣᠷᠠᠬᠢ ᠲᠡᠭᠰᠢ ᠪᠤᠰᠤ ᠭᠡᠷ ᠪᠠᠶᠢᠰᠢᠩ ᠤᠨ ᠭᠠᠳᠠᠷ ᠲᠠᠯ᠎ᠠ ᠶᠢ ᠭᠤᠣᠯᠳᠠᠯᠭ᠎ᠠ ᠲᠠᠢ ᠪᠠᠷ ᠲᠣᠭᠤᠰᠬ᠎ᠠ ᠳᠡᠪᠢᠰᠴᠦ ᠭᠤᠶᠣᠯᠠᠵᠤ ᠪᠠᠶᠢᠪᠠ᠃ ᠡᠭᠦᠨ ᠤ ᠵᠡᠷᠭᠡ ᠳᠤ ᠪᠠᠰᠠ ᠬᠥᠮᠥᠨ ᠤ ᠬᠦᠴᠦ᠂ ᠮᠠᠰᠢᠨ ᠮᠧᠬᠠᠨᠢᠭ ᠢ ᠲᠥᠪᠯᠡᠷᠡᠭᠦᠯᠦᠨ ᠴᠡᠪᠡᠷᠯᠡᠵᠦ᠂ ᠪᠥᠬᠦ ᠲᠠᠯ᠎ᠠ ᠶᠢᠨ᠂ ᠪᠠᠯᠠᠢ ᠭᠠᠵᠠᠷ ᠦᠭᠡᠢ᠂ ᠥᠯᠥ ᠣᠨᠣᠭᠳᠠᠬᠤ ᠭᠠᠵᠠᠷ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ︽ᠪᠤᠵᠠᠷ᠂ ᠰᠠᠮᠠᠭᠤᠨ᠂ ᠠᠨᠠᠢ︾ ᠵᠡᠷᠭᠡ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠯᠠᠪᠳᠠᠭᠤᠨ ᠪᠠᠲᠤᠲᠠᠢ ᠴᠡᠭᠴᠡᠯᠡᠨ ᠵᠠᠰᠠᠪᠠ᠃      ᠯᠣᠣ ᠨᠢᠦ ᠸᠠᠨ ᠪᠠᠯᠭᠠᠰᠤᠨ ᠤ ᠺᠠᠳ᠋ᠷ ᠸᠠᠩ ᡁᠢ᠄ ︽4 ᠳ᠋ᠦ᠋ᠭᠡᠷ ᠰᠠᠷ᠎ᠠ ᠠᠴᠠ ᠨᠠᠰᠢ᠂ ᠯᠣᠣ ᠨᠢᠦ ᠸᠠᠨ ᠪᠠᠯᠭᠠᠰᠤᠨ ᠤ ᠬᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠢᠳᠡ 12 ᠰᠠᠯᠪᠤᠷᠢ ᠪᠠᠭ᠎ᠠ ᠠᠩᠭᠢ ᠶᠢ ᠪᠠᠶᠢᠭᠤᠯᠵᠤ᠂ ᠤᠳᠤ ᠪᠣᠯᠲᠠᠯ᠎ᠠ ᠨᠡᠶᠢᠳᠡ 300 ᠬᠥᠮᠥᠨ ᠤᠳᠠᠭ᠎ᠠ ᠶᠢᠨ ᠴᠡᠪᠡᠷᠯᠡᠭᠴᠢ᠂ 20 ᠭᠠᠷᠤᠢ ᠴᠡᠪᠡᠷᠯᠡᠭᠡ ᠶᠢᠨ ᠮᠠᠰᠢᠨ ᠲᠡᠷᠭᠡ ᠶᠢ ᠲᠣᠮᠢᠯᠠᠵᠠᠢ᠃ ᠳᠠᠷᠠᠭᠠᠴᠢ ᠶᠢᠨ ᠠᠯᠬᠤᠮ ᠳᠤ᠂ ᠯᠣᠣ ᠨᠢᠦ ᠸᠠᠨ ᠪᠠᠯᠭᠠᠰᠤ ᠶᠢᠨ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠪᠣᠯᠣᠨ᠎ᠠ︾ ᠭᠡᠵᠡᠢ᠃      ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠶᠢ ᠳᠠᠭᠠᠯᠳᠤᠨ᠂ ᠠᠶᠢᠯ ᠲᠣᠰᠬᠤᠨ ᠭᠤᠶᠣ ᠰᠠᠶᠢᠬᠠᠨ ᠪᠣᠯᠵᠤ᠂ ᠭᠡᠷ ᠪᠣᠯᠭᠠᠨ ᠤ ᠡᠭᠦᠳᠡᠨ ᠡᠮᠦᠨ᠎ᠡ ᠴᠡᠪᠡᠷ ᠴᠡᠮᠴᠡᠭᠡᠷ ᠪᠣᠯᠵᠤ᠂ ᠡᠭᠦᠳᠡ ᠪᠠᠷ ᠭᠠᠷᠤᠮᠠᠭᠴᠠ ᠲᠡᠭᠰᠢ ᠳᠠᠷᠳᠠᠩ ᠱᠦᠢᠨᠢ ᠵᠠᠮ ᠪᠣᠯᠵᠤ᠂ ᠬᠥᠳᠡᠭᠡ ᠲᠣᠰᠬᠤᠨ ᠤ ︽ᠵᠢᠰᠦ ᠴᠢᠷᠠᠢ︾ ᠨᠢ  ᠭᠤᠶᠣᠮᠰᠤᠭ ᠪᠣᠯᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠰᠡᠳᠬᠢᠭᠳᠡᠯ ᠢᠶᠠᠷ ᠪᠢᠯᠬᠠᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1