4 ᠳ᠋ᠦ᠋ᠭᠡᠷ ᠰᠠᠷ᠎ᠠ ᠶᠢᠨ 1 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ ᠠᠴᠠ 5 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ | ᠡᠭᠦᠨ ᠳᠤ ᠬᠥᠬᠡᠬᠤᠲᠠ ᠠᠴᠠ 4᠂ ᠲᠦᠩᠯᠢᠶᠣᠣ ᠬᠤᠲᠠ ᠠᠴᠠ1 ᠪᠣᠢ᠃ | 4 ᠳ᠋ᠦ᠋ᠭᠡᠷ ᠰᠠᠷ᠎ᠠ ᠶᠢᠨ 1 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9 ᠪᠠᠶᠢᠵᠤ᠂ ᠡᠭᠦᠨ ᠳᠤ ᠬᠥᠬᠡᠬᠤᠲᠠ ᠳᠤ | 2᠂ ᠲᠦᠩᠯᠢᠶᠣᠣ ᠬᠤᠲᠠ ᠳᠤ 6᠂ ᠤᠯᠠᠭᠠᠨᠬᠠᠳᠠ ᠬᠤᠲᠠ ᠳᠤ 1 ᠪᠣᠶ᠃ ᠣᠷᠣᠨ ᠨᠤᠲᠤᠭ ᠤᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 20 ᠪᠠᠶᠢᠵᠤ᠂ ᠡᠭᠦᠨ ᠳᠤ ᠬᠥᠬᠡᠬᠤᠲᠠ ᠳᠤ 12᠂ ᠲᠦᠩᠯᠢᠶᠣᠣ | ᠬᠤᠲᠠ ᠳᠤ 8 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ | ᠤᠯᠠᠭᠠᠨᠬᠠᠳᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ | ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠵᠦ ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ | 2 ᠳ᠋ᠤᠭᠠᠷ ᠰᠠᠷ᠎ᠠ ᠶᠢᠨ 15 ᠤ ᠡᠳᠦᠷ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 491 ᠮᠡᠳᠡᠭᠦᠯᠪᠡ᠂ ᠡᠭᠦᠨ ᠳᠤ | ᠬᠥᠬᠡᠬᠤᠲᠠ 436᠂ ᠪᠤᠭᠤᠲᠤ ᠬᠤᠲᠠ 25᠂ ᠬᠥᠯᠥᠨ ᠪᠤᠶᠢᠷ ᠬᠤᠲᠠ 15᠂ ᠲᠦᠩᠯᠢᠶᠣᠣ ᠬᠤᠲᠠ 6᠂ | ᠤᠯᠠᠭᠠᠨᠬᠠᠳᠠ ᠬᠤᠲᠠ 1᠂ ᠣᠷᠳᠣᠰ ᠬᠤᠲᠠ 3᠂ ᠪᠠᠶᠠᠨᠨᠠᠭᠤᠷ ᠬᠤᠲᠠ 3᠂ ᠠᠯᠠᠱᠠ ᠠᠶᠢᠮᠠᠭ 2 ᠮᠡᠳᠡᠭᠦᠯᠪᠡ᠃ | ᠨᠡᠶᠢᠲᠡ 482 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠠᠴᠠ 434᠂ ᠪᠤᠭᠤᠲᠤ | ᠬᠤᠲᠠ ᠠᠴᠠ 25᠂ ᠬᠥᠯᠥᠨ ᠪᠤᠶᠢᠷ ᠬᠤᠲᠠ ᠠᠴᠠ 15᠂ ᠣᠷᠳᠣᠰ ᠬᠤᠲᠠ ᠠᠴᠠ 3᠂ ᠪᠠᠶᠠᠨᠨᠠᠭᠤᠷ ᠬᠤᠲᠠ | ᠠᠴᠠ 3᠂ ᠠᠯᠠᠱᠠ ᠠᠶᠢᠮᠠᠭ ᠠᠴᠠ 2 ᠪᠣᠢ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ |