ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠠᠴᠠ ᠬᠥᠬᠡᠬᠤᠲᠠ ᠳᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠬᠤᠷᠢᠨ ᠬᠤᠶᠠᠳᠤᠭᠠᠷ ᠪᠦᠯᠦᠭ ᠤᠨ 19 ᠬᠤᠪᠢ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ
ᠨᠡᠶᠢᠲᠡᠯᠡᠭᠰᠡᠨ ᠴᠠᠭ᠄
2022/4/26
     ︵ᠰᠤᠷᠪᠤᠯᠵᠢᠯᠠᠭᠴᠢ ᠯᠢᠦ ᠵᠢᠶᠦ᠋ᠨ︶ 3 ᠳ᠋ᠤᠭᠠᠷ ᠰᠠᠷ᠎ᠠ ᠶᠢᠨ 26 ᠤ ᠡᠳᠦᠷ ᠠᠴᠠ 4 ᠳ᠋ᠤᠭᠡᠷ ᠰᠠᠷ᠎ᠠ ᠶᠢᠨ 25 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︵ᠳᠣᠷᠣᠭᠰᠢ ︽ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ︾ ᠭᠡᠵᠦ ᠲᠣᠪᠴᠢᠯᠠᠨ᠎ᠠ︶ ᠠᠴᠠ ᠮᠠᠨ ᠤ ᠬᠤᠲᠠ ᠳᠤ 31 ᠪᠦᠯᠦᠭ  ᠤᠨ ᠨᠡᠶᠢᠲᠡ 431 ᠬᠤᠪᠢ ︵ᠤᠲᠠᠰᠤ ᠪᠠᠷ ᠢᠯᠡᠴᠢᠯᠡᠨ ᠮᠡᠳᠡᠭᠦᠯᠦᠭᠰᠡᠨ ᠨᠢ 230 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 201 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠃      4 ᠳ᠋ᠤᠭᠡᠷ ᠰᠠᠷ᠎ᠠ ᠶᠢᠨ 16 ᠤ ᠡᠳᠦᠷ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠬᠤᠷᠢᠨ ᠬᠤᠶᠠᠳᠤᠭᠠᠷ ᠪᠦᠯᠦᠭ ᠤᠨ 19 ᠬᠤᠪᠢ ︵ᠤᠳᠠᠰᠤ ᠪᠠᠷ ᠢᠯᠡᠴᠢᠯᠡᠨ ᠮᠡᠳᠡᠭᠦᠯᠦᠭᠰᠡᠨ ᠨᠢ 11 ᠬᠤᠪᠢ᠂ ᠴᠠᠬᠢᠯᠭᠠᠨ ᠬᠤᠯᠪᠣᠭ᠎ᠠ ᠪᠠᠷ ᠢᠯᠡᠴᠢᠯᠡᠨ ᠮᠡᠳᠡᠭᠦᠯᠦᠭᠰᠡᠨ ᠨᠢ 8 ᠬᠤᠪᠢ︶ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠪᠠ᠂ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠲᠠ ᠶᠢᠨ ᠬᠢᠨ ᠨᠢᠭᠡᠨᠲᠡ ᠬᠤᠷᠢᠨ ᠬᠤᠶᠠᠳᠤᠭᠠᠷ ᠪᠦᠯᠦᠭ ᠤᠨ 19 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠣᠲᠣ ᠪᠣᠯᠲᠠᠯ᠎ᠠ᠂ 15 ᠬᠡᠷᠡᠭ  ᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 3 ᠬᠡᠷᠡᠭ  ᠢ ᠱᠠᠲᠤ ᠦᠶ᠎ᠡ  ᠶᠢᠨ ᠴᠢᠨᠠᠷᠲᠠᠢ ᠪᠠᠷ ᠰᠢᠢᠳᠪᠦᠷᠢᠯᠡᠵᠦ ᠳᠠᠭᠤᠰᠬᠠᠨ᠂ 1 ᠬᠡᠷᠡᠭ  ᠢ ᠰᠢᠢᠳᠪᠦᠷᠢᠯᠡᠵᠦ ᠳᠠᠭᠤᠰᠬᠠᠭᠠᠳᠤᠢ᠂ 1 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠪᠠ᠃      4 ᠳ᠋ᠤᠭᠡᠷ ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ ᠬᠤᠲᠠ ᠶᠢᠨ ᠬᠢᠨ 1 ︱ 22 ᠳ᠋ᠤᠭᠠᠷ ᠪᠦᠯᠦᠭ ᠤᠨ ᠨᠡᠶᠢᠲᠡ 284 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠪᠡ᠂ ᠡᠭᠦᠨ ᠳᠤ 122 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ 101 ᠬᠤᠪᠢ ᠶᠢ ᠨᠢ ᠱᠠᠲᠤ ᠦᠶ᠎ᠡ ᠶᠢᠨ ᠴᠢᠨᠠᠷᠲᠠᠢ ᠪᠠᠷ ᠰᠢᠢᠳᠪᠦᠷᠢᠯᠡᠨ ᠳᠠᠭᠤᠰᠬᠠᠵᠤ᠂ 61 ᠬᠤᠪᠢ ᠶᠢ ᠨᠢ ᠰᠢᠢᠳᠪᠦᠷᠢᠯᠡᠵᠦ ᠳᠠᠭᠤᠰᠬᠠᠭᠠᠳᠤᠢ᠂ 31 ᠶᠢ ᠨᠢ ᠵᠠᠷᠯᠢᠭᠳᠠᠵᠤ ᠴᠡᠭᠴᠡᠯᠡᠨ ᠰᠠᠶᠢᠵᠢᠷᠠᠭᠤᠯᠵᠤ᠂ 13 ᠶᠢ ᠨᠢ ᠬᠡᠷᠡᠭ ᠪᠣᠯᠭᠠᠨ ᠳᠡᠩᠰᠡᠯᠡᠨ ᠰᠢᠢᠳᠬᠡᠵᠦ᠂ 48.2258 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠤ᠂ 13 ᠶᠢ ᠨᠢ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠶᠢᠴᠠᠭᠠᠵᠤ᠂ 11 ᠬᠥᠮᠥᠨ ᠢ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ 2 ᠨᠢᠭᠡᠴᠡ 13 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ 11 ᠬᠥᠮᠥᠨ ᠢ ᠬᠡᠷᠡᠭ ᠪᠣᠯᠭᠠᠨ ᠳᠠᠩᠰᠠᠯᠠᠨ ᠬᠢᠨᠠᠵᠤ ᠪᠠᠶᠢᠴᠠᠭᠠᠵᠤ᠂ 1 ᠬᠥᠮᠥᠨ ᠢ ᠵᠠᠰᠠᠭ ᠵᠠᠬᠢᠷᠭᠠᠨ ᠤ ᠬᠡᠷᠡᠭ ᠢᠶᠠᠷ ᠲᠦᠷ ᠬᠤᠷᠢᠪᠠ᠃      ᠬᠤᠯᠪᠣᠭᠳᠠᠯ ᠪᠦᠬᠦᠢ ᠬᠡᠷᠡᠭ ᠢ ᠦᠷᠭᠦᠯᠵᠢᠯᠡᠨ ᠲᠥᠪ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1