ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ ᠭᠤᠷᠪᠠᠳᠤᠭᠠᠷ | ᠤᠳᠠᠭ᠎ᠠ ᠶᠢᠨ ᠬᠤᠷᠠᠯ ᠬᠤᠷᠠᠯᠳᠤᠵᠤ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶ᠎ᠠ ᠶᠢᠨ ᠬᠤᠷᠢᠨ ᠳᠥᠷᠪᠡᠳᠦᠭᠡᠷ᠂ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠷᠪᠠᠨ | ᠨᠠᠢᠮᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠲᠠ ᠶᠢᠨ ᠨᠠᠮ ᠤᠨ | ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2021 ᠣᠨ ᠤ ᠠᠵᠢᠯ ᠤᠨ | ᠳ᠋ᠦᠩᠨᠡᠯᠲᠡ︾ ᠪᠠ ︽ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ 2022 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ ᠡᠷᠬᠢᠯᠡᠭᠴᠢ ᠪᠦᠦ ᠭᠠᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠠᠴᠠ ᠬᠢᠨᠠᠨ | ᠵᠥᠪᠯᠡᠵᠦ ᠪᠠᠲᠤᠯᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠵᠦᠢᠯᠡᠰ ᠢ ᠪᠠᠷᠢᠮᠵᠢᠶ᠎ᠠ ᠲᠠᠢ ᠬᠠᠷᠭᠤᠭᠤᠯᠵᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠵᠠᠷᠴᠢᠮ ᠱᠠᠭᠠᠷᠳᠠᠯᠭ᠎ᠠ᠂ ᠡᠭᠦᠷᠭᠡ ᠬᠠᠷᠠᠯᠲᠠ ᠪᠠ ᠵᠠᠩᠭᠢᠯᠠᠭ᠎ᠠ ᠶᠢᠨ ᠭᠤᠭᠴᠤᠭ᠎ᠠ ᠶᠢ | ᠣᠨᠣᠪᠴᠢᠲᠠᠶ ᠡᠵᠡᠮᠰᠢᠵᠦ᠂ ᠠᠵᠤ ᠠᠬᠤᠢ᠂ ᠠᠮᠢ ᠠᠬᠤᠢ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠪᠠ | ᠨᠠᠮ ᠤᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ | ᠵᠢᠯ ᠪᠣᠯᠣᠨ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ | ᠦᠨᠡᠨᠬᠦ ᠡᠭᠦᠷᠭᠡᠯᠡᠵᠦ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠶᠢ ᠡᠷᠬᠢᠮᠯᠡᠬᠦ ᠶᠢ | ᠲᠤᠪᠤᠶᠢᠯᠭᠠᠵᠦ᠂ ᠥᠭᠡᠷᠡᠴᠢᠯᠡᠯᠲᠡ ᠶᠢᠨ ᠠᠷᠭ᠎ᠠ ᠪᠠᠷ ᠤᠷᠤᠭᠰᠢᠯᠠᠯᠲᠠ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ | ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠦᠭᠦᠯᠡᠨ ᠪᠡᠶᠡᠯᠡᠭᠦᠯᠬᠦ ᠳᠤ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠨᠡᠮᠡᠬᠦ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ | ᠥᠭᠡᠷᠡᠴᠢᠯᠡᠯᠲᠡ ᠶᠢ ᠠᠳᠬᠤᠵᠤ᠂ ᠥᠭᠡᠷᠡᠴᠢᠯᠡᠯᠲᠡ ᠶᠢ ᠠᠬᠢᠭᠤᠯᠬᠤ ᠶᠢ ᠣᠷᠣᠨ ᠤ ᠲᠥᠪ ᠬᠤᠲᠠ ᠶᠢᠨ ᠠᠵᠢᠯ ᠤᠨ | ᠶᠡᠭᠡ ᠲᠠᠯ᠎ᠠ ᠳᠤ ᠦᠢᠯᠡᠴᠢᠯᠡᠬᠦ ᠲᠠᠢ ᠤᠶᠠᠯᠳᠤᠭᠤᠯᠵᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠡᠭᠦᠷᠭᠡ ᠬᠠᠷᠠᠯᠲᠠ ᠶᠢᠨ ᠲᠣᠭᠤᠷᠢᠨ ᠳᠤ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠥᠭᠡᠷᠡᠴᠢᠯᠡᠯᠲᠡ ᠶᠢᠨ ︽ᠵᠠᠩᠭᠢᠯᠠᠭ᠎ᠠ ᠶᠢᠨ ᠠᠷᠭ᠎ᠠ︾ | ᠪᠠᠷ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ | ᠥᠭᠡᠷᠡᠴᠢᠯᠡᠯᠲᠡ ᠶᠢ ᠠᠬᠢᠭᠤᠯᠬᠤ ᠶᠢ ᠤᠯᠠᠨ ᠲᠦᠮᠡᠨ ᠤ ᠪᠣᠳᠠᠲᠤ ᠬᠡᠷᠡᠭᠴᠡᠭᠡ ᠲᠠᠢ ᠤᠶᠠᠯᠳᠤᠭᠤᠯᠬᠤ᠂ ᠪᠠᠭᠤᠷᠠᠢ | ᠲᠠᠯ᠎ᠠ ᠪᠠᠨ ᠨᠥᠬᠦᠪᠦᠷᠢᠯᠡᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠪᠣᠬᠢᠷᠳᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠥᠨᠳᠦᠷᠯᠢᠭ ᠭᠠᠵᠠᠷ ᠢ ᠪᠦᠲᠦᠭᠡᠨ | ᠪᠠᠶᠢᠭᠤᠯᠬᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠵᠡᠷᠭᠡ ᠶᠢ | ᠠᠬᠢᠭᠤᠯᠬᠤ ᠪᠠᠷ ᠭᠤᠣᠯᠳᠠᠭᠤᠯᠵᠤ᠂ ᠨᠢᠭᠡ ᠪᠦᠯᠦᠭ ᠦᠨᠡᠨ ᠪᠣᠳᠠᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ | ᠭᠠᠷᠭᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠥᠭᠡᠷᠡᠴᠢᠯᠡᠯᠲᠡ ᠶᠢ ᠠᠳᠬᠤᠵᠤ᠂ ᠡᠯ᠎ᠡ ᠲᠤᠰᠬᠠᠢ | ᠳᠤᠭᠤᠶᠢᠯᠠᠩ ᠤᠨ ᠬᠢᠨ ᠬᠤᠳᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ 2022 ᠣᠨ ᠤ ᠠᠵᠢᠯ ᠤᠨ ᠭᠤᠣᠯᠳᠠᠯᠭ᠎ᠠ ᠶᠣᠰᠣᠭᠠᠷ᠂ ᠲᠤᠰ ᠬᠦᠷᠢᠶᠡᠨ ᠤ | ᠥᠭᠡᠷᠡᠴᠢᠯᠡᠯᠲᠡ ᠶᠢᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠬᠡᠮ ᠠᠷᠬᠠᠭ ᠢ | ᠣᠨᠣᠪᠴᠢᠲᠠᠢ ᠡᠷᠢᠵᠦ᠂ ᠪᠣᠳᠠᠲᠠᠢ ᠶᠢ ᠡᠷᠬᠢᠮᠯᠡᠭᠰᠡᠨ ᠬᠡᠷᠡᠭᠴᠡᠭᠡ ᠲᠠᠢ ᠰᠢᠢᠳᠪᠦᠷᠢᠯᠡᠬᠦ ᠲᠥᠰᠥᠯ ᠭᠠᠷᠭᠠᠵᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠬᠡᠷᠡᠭᠲᠡᠢ᠃ ᠲᠦᠷᠦᠭᠦᠯᠡᠵᠦ ᠬᠢᠬᠦ ᠬᠤᠲᠠ ᠶᠢᠨ ᠤᠳᠤᠷᠢᠳᠤᠯᠭ᠎ᠠ ᠡᠮᠦᠨ᠎ᠡ ᠨᠢ ᠵᠢᠯᠤᠭᠤᠳᠴᠤ᠂ | ᠪᠡᠶ᠎ᠡ ᠪᠠᠷ ᠢᠶᠠᠨ ᠠᠷᠭ᠎ᠠ ᠤᠬᠠᠭᠠᠨ ᠰᠦᠪᠡᠭᠴᠢᠯᠡᠵᠦ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ ᠨᠢᠭᠡ | ᠪᠦᠯᠦᠭ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠭᠠᠷᠭᠠᠬᠤ ᠬᠡᠷᠡᠭᠲᠡᠢ᠃ ᠬᠤᠲᠠ ᠶᠢᠨ ᠨᠠᠮ ᠤᠨ | ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠯᠪᠠᠨ ᠭᠡᠷ ᠨᠢᠭᠡᠳᠦᠯᠲᠡᠢ | ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠥᠭᠡᠷᠡᠴᠢᠯᠡᠯᠲᠡ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ | ᠳᠦᠷᠢᠮ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠲᠤᠷᠰᠢᠯᠲᠠ ᠪᠣᠯᠣᠨ ᠪᠡᠯᠡ ᠮᠥᠩᠭᠦ | ᠣᠯᠬᠤ ᠪᠠᠷ ᠢᠳᠡᠪᠬᠢᠲᠡᠢ ᠴᠢᠷᠮᠠᠶᠢᠵᠤ᠂ ᠨᠡᠩ ᠤᠯᠠᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠯᠢᠶᠡᠨ ᠠᠪᠴᠤ᠂ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ ᠭᠡᠵᠡᠢ᠃ | ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | ᠳᠡᠳ᠋ ᠡᠷᠬᠢᠯᠡᠭᠴᠢ᠂ ᠭᠡᠰᠢᠭᠦᠨ ᠵᠢᠴᠢ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠪᠠ᠃ |