ᠪᠧᠢ ᠪᠦᠦ ᠰᠢᠶᠠᠩ᠄ ︽ᠪᠣᠷᠳᠣᠭᠤᠷ ᠢ ᠬᠥᠳᠡᠭᠡ ᠳᠤ ᠬᠦᠷᠭᠡᠵᠦ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/4/27
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠪᠦᠬᠦ ᠰᠢᠶᠠᠨ ᠤ ᠬᠤᠯᠢᠮᠠᠭ ᠠᠮᠤ ᠶᠢᠨ ᠦᠢᠯᠡᠳᠪᠦᠷᠢᠯᠡᠯ ᠤᠨ ᠬᠡᠪᠴᠢᠶᠡᠵᠢᠯ᠂ ᠪᠠᠷᠢᠮᠵᠢᠶᠠᠵᠢᠯᠲᠠ᠂ ᠲᠦᠷᠦᠯ ᠲᠡᠮᠳᠡᠭᠵᠢᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠶᠢᠨ ᠡᠳᠦᠷ᠂ ᠴᠢᠩ ᠱᠦᠢ ᠾᠧ ᠰᠢᠶᠠᠨ ᠡᠯ᠎ᠡ ᠰᠢᠶᠠᠩ ᠪᠠᠯᠭᠠᠰᠤ ᠶᠢᠨ ᠬᠡᠪᠴᠢᠶᠡᠨ ᠳᠤ ᠣᠷᠭᠠᠨᠢᠭ ᠪᠣᠷᠳᠣᠭᠤᠷ ᠢ ︽ᠬᠥᠳᠡᠭᠡ ᠳᠤ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃      ᠪᠧᠢ ᠪᠦᠦ ᠰᠢᠶᠠᠩ ᠪᠣᠯ ᠴᠢᠩ ᠱᠦᠢ ᠾᠧ ᠰᠢᠶᠠᠨ ᠤ ᠡᠮᠦᠨ᠎ᠡ ᠬᠡᠰᠡᠭ ᠤᠨ ᠠᠭᠤᠯᠠᠷᠬᠠᠭ ᠣᠷᠣᠨ ᠳᠤ ᠪᠠᠶᠢᠷᠢᠯᠠᠵᠤ᠂ ᠠᠭᠤᠷ ᠠᠮᠢᠰᠬᠤᠯ ᠭᠠᠩ ᠬᠠᠭᠤᠷᠠᠢ ᠪᠣᠷᠣᠭᠠᠨ ᠪᠠᠭ᠎ᠠ᠂ ᠬᠠᠷ᠎ᠠ ᠰᠢᠯᠦᠬᠡᠢ ᠨᠢ ᠪᠧᠢ ᠪᠦᠦ ᠰᠢᠶᠠᠩ ᠤᠨ ᠤᠯᠠᠮᠵᠢᠯᠠᠯᠲᠤ ᠠᠮᠤ ᠪᠤᠳᠠᠭᠠᠨ ᠤ ᠲᠠᠷᠢᠮᠠᠯ ᠪᠣᠯᠤᠭᠰᠠᠨ ᠤ ᠬᠤᠪᠢ ᠳᠤ᠂ ᠲᠣᠰᠬᠤᠨ ᠤ ᠠᠷᠠᠳ ᠲᠤ ᠨᠡᠯᠢᠶᠡᠳ ᠥᠨᠳᠥᠷ ᠮᠡᠳᠡᠷᠡᠭᠳᠡᠳᠡᠭ᠂ ᠭᠠᠩ ᠬᠠᠭᠰᠠᠷᠠᠭᠠᠨ ᠳᠤ ᠲᠡᠰᠪᠦᠷᠢᠲᠡᠢ ᠪᠠᠶᠢᠳᠠᠭ ᠣᠨᠴᠠᠯᠢᠭ ᠢᠶᠠᠷ ᠢᠶᠠᠨ ᠲᠤᠬᠠᠢ ᠶᠢᠨ ᠭᠠᠵᠠᠷ ᠲᠠᠭᠠᠨ ᠤᠷᠳᠤ ᠤᠳᠠᠭᠠᠨ ᠲᠡᠦᠬᠡ ᠲᠠᠢ ᠶᠤᠮ᠂ ᠲᠤᠰ ᠤᠳᠠᠭ᠎ᠠ ᠶᠢᠨ ᠣᠷᠭᠠᠨᠢᠭ ᠪᠣᠷᠳᠣᠭᠤᠷ ᠢ ︽ᠬᠥᠳᠡᠭᠡ ᠳᠤ ᠬᠦᠷᠭᠡᠬᠦ︾ ᠳᠠᠷᠤᠢ ᠪᠧᠢ ᠪᠦᠦ ᠰᠢᠶᠠᠩ ᠤᠨ ᠬᠠᠷ᠎ᠠ ᠰᠢᠯᠦᠬᠡᠢ ᠶᠢᠨ ᠲᠠᠷᠢᠮᠠᠯ ᠤᠨ ᠲᠠᠯᠠᠪᠠᠢ ᠪᠠᠷ ᠲᠠᠷᠢᠶᠠᠯᠠᠬᠤ ᠡᠷᠦᠬᠡ ᠳᠤ ᠥᠭᠭᠦᠭᠰᠡᠨ ᠲᠤᠰᠬᠠᠢ ᠲᠦᠷᠦᠯ ᠤᠨ ᠨᠥᠬᠦᠪᠦᠷᠢ ᠪᠣᠯᠣᠨ᠎ᠠ᠃
     ᠰᠢᠶᠠᠩ ᠤᠨ ᠬᠢᠨ ᠲᠠᠷᠢᠶᠠᠯᠠᠬᠤ ᠡᠷᠦᠬᠡ ᠳᠤ ᠣᠷᠭᠠᠨᠢᠭ ᠪᠣᠷᠳᠣᠭᠤᠷ ᠬᠦᠷᠭᠡᠬᠦ ᠭᠡᠵᠦ ᠪᠠᠶᠢᠬᠤ ᠶᠢ ᠰᠣᠨᠣᠰᠤᠭᠠᠳ᠂ ᠡᠯ᠎ᠡ ᠲᠣᠰᠬᠤᠨ ᠤ ᠨᠠᠮ ᠤᠨ ᠬᠤᠷᠢᠶ᠎ᠠ ᠴᠤ ᠰᠢᠶᠠᠩ ᠤᠨ ᠮᠡᠳᠡᠭᠳᠡᠯ ᠤᠨ ᠶᠣᠰᠣᠭᠠᠷ ᠢᠳᠡᠪᠬᠢᠲᠡᠢ ᠪᠠᠷ ᠬᠥᠳᠡᠯᠦᠯᠴᠡᠵᠦ᠂ ᠬᠠᠷ᠎ᠠ ᠥᠷᠯᠥᠭᠡ ᠪᠠᠷ ᠭᠤᠷᠪᠠᠨ ᠬᠦᠷᠳᠦᠲᠦ ᠲᠡᠷᠭᠡ᠂ ᠵᠢᠵᠢᠭ ᠠᠴᠢᠶᠠᠨ ᠤ ᠮᠠᠰᠢᠨ ᠲᠡᠷᠭᠡ ᠪᠠᠨ ᠵᠢᠯᠣᠭᠤᠳᠤᠨ ᠣᠷᠭᠠᠨᠢᠭ ᠪᠣᠷᠳᠣᠭᠤᠷ ᠬᠠᠳᠠᠭᠠᠯᠠᠵᠤ ᠪᠠᠶᠢᠭ᠎ᠠ ᠬᠦᠷᠢᠶᠡᠨ ᠳᠤ ᠢᠷᠡᠵᠤ᠂ ᠮᠠᠰᠢ ᠬᠦᠷ ᠬᠥᠭᠵᠢᠶᠡᠨ ᠲᠠᠢ ᠪᠠᠷ ᠵᠥᠭᠡᠭᠡᠪᠦᠷᠢᠯᠡᠬᠦ ᠠᠵᠢᠯ ᠢᠶᠠᠨ ᠡᠬᠢᠯᠡᠭᠦᠯᠵᠡᠢ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠬᠦ ᠤ ᠪᠣᠢ᠃ ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠤ ᠬᠢᠨ ᠪᠣᠬᠢᠷᠳᠤᠯ ᠦᠭᠡᠢ ᠬᠥᠭᠵᠢᠯᠲᠡ ᠶᠢᠨ ᠫᠠᠶᠢᠰᠠ ᠪᠠᠨ ᠰᠠᠶᠢᠲᠤᠷ ᠡᠷᠭᠦᠵᠦ᠂ ᠬᠤᠯᠢᠮᠠᠭ ᠠᠮᠤ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ︽ᠪᠣᠬᠢᠷᠳᠤᠯ ᠦᠭᠡᠢ ᠬᠤᠯᠢᠮᠠᠭ ᠠᠮᠤ ᠶᠢᠨ ᠰᠢᠶᠠᠨ︾ ᠢ ᠪᠠᠶᠢᠭᠤᠯᠬᠤ ᠠᠵᠢᠯ ᠤᠨ ᠬᠠᠷᠠᠯᠲᠠ ᠶᠢᠨ ᠲᠣᠭᠤᠷᠢᠨ ᠳᠤ᠂ ᠨᠢᠭᠡ ᠪᠦᠯᠦᠭ ᠨᠡᠷ᠎ᠡ ᠠᠯᠳᠠᠷᠲᠠᠢ᠂ ᠬᠦᠷᠢᠶᠡᠯᠡᠯ ᠲᠠᠢ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭᠲᠦ ᠶᠢ ᠲᠦᠷᠭᠡᠨ ᠪᠣᠶᠢᠵᠢᠭᠤᠯᠬᠤ ᠪᠠ ᠴᠣᠭᠴᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠪᠣᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1