4 ᠳ᠋ᠦ᠋ᠭᠡᠷ ᠰᠠᠷ᠎ᠠ ᠶᠢᠨ 26 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 | ︵ᠴᠥᠮ ᠬᠥᠯᠥᠨ ᠪᠣᠶᠢᠷ ᠬᠤᠲᠠ ᠳᠤ︶ ᠨᠡᠮᠡᠭᠳᠡᠪᠡ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ | ᠵᠢᠱᠢᠶ᠎ᠡ ᠠᠴᠠ 1 ᠬᠥᠮᠥᠨ ︵ᠪᠠᠶᠠᠨᠨᠠᠭᠤᠷ ᠬᠤᠲᠠ ᠳᠤ︶ ᠢᠯᠠᠷᠢᠰᠢᠵᠦ ᠡᠮᠨᠡᠯᠭᠡ ᠠᠴᠠ ᠭᠠᠷᠪᠠ᠃ ᠣᠷᠣᠨ | ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠥᠮᠥᠨ ︵ᠬᠢᠩᠭᠠᠨ ᠠᠶᠢᠮᠠᠭ ᠲᠤ︶ ᠢ | ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ | 4 ᠳ᠋ᠦ᠋ᠭᠡᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 31 ᠪᠠᠶᠢᠵᠤ᠂ ᠡᠭᠦᠨ ᠳᠤ | ᠪᠤᠭᠤᠲᠤ ᠬᠤᠲᠠ ᠳᠤ 3᠂ ᠬᠥᠯᠥᠨ ᠪᠣᠶᠢᠷ ᠬᠤᠲᠠ ᠳᠤ 25᠂ ᠬᠢᠩᠭᠠᠨ ᠠᠶᠢᠮᠠᠭ ᠲᠤ 1᠂ ᠤᠯᠠᠭᠠᠨᠬᠠᠳᠠ | ᠬᠤᠲᠠ ᠳᠤ 2 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠢᠩᠭᠠᠨ | ᠠᠶᠢᠮᠠᠭ ᠲᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10 | ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ | ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ | ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ | ᠰᠦᠯᠵᠢᠶ᠎ᠡ︶ |