4 ᠳ᠋ᠤᠭᠡᠷ ᠰᠠᠷ᠎ᠠ ᠶᠢᠨ 5 ᠤ ᠡᠳᠦᠷ ᠤᠨ 24 ᠴᠠᠭ  ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/4/6
     4 ᠳ᠋ᠤᠭᠡᠷ ᠰᠠᠷ᠎ᠠ ᠶᠢᠨ 5 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃      4 ᠳ᠋ᠤᠭᠡᠷ ᠰᠠᠷ᠎ᠠ ᠶᠢᠨ 5 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 6 ᠪᠣᠶ᠂ ᠡᠭᠦᠨ ᠳᠤ ᠬᠥᠬᠡᠬᠤᠲᠠ ᠳᠤ 1᠂ ᠲᠦᠩᠯᠢᠶᠣᠣ ᠬᠤᠲᠠ ᠳᠤ 4᠂ ᠤᠯᠠᠭᠠᠨᠬᠠᠳᠠ ᠬᠤᠲᠠ ᠳᠤ 1 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 18 ᠪᠣᠶ᠂ ᠡᠭᠦᠨ ᠳᠤ ᠬᠥᠬᠡᠬᠤᠲᠠ ᠳᠤ 9᠂ ᠲᠦᠩᠯᠢᠶᠣᠣ ᠬᠤᠲᠠ ᠳᠤ 9 ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠤᠯᠠᠭᠠᠨᠬᠠᠳᠠ ᠬᠤᠲᠠ ᠳᠤ︶ ᠪᠣᠢ᠃ ᠴᠥᠮ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ  ᠠᠨᠠᠭᠠᠬᠤ ᠤᠬᠠᠭᠠᠨ ᠤ ᠠᠵᠢᠭᠯᠠᠯᠲᠠ ᠬᠢᠵᠦ  ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃      2 ᠳ᠋ᠤᠭᠠᠷ ᠰᠠᠷ᠎ᠠ ᠶᠢᠨ 15 ᠤ ᠡᠳᠦᠷ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 492 ᠮᠡᠳᠡᠭᠦᠯᠪᠡ᠂ ᠡᠭᠦᠨ ᠳᠤ ᠬᠥᠬᠡᠬᠤᠲᠠ 436᠂ ᠪᠤᠭᠤᠲᠤ ᠬᠤᠲᠠ 25᠂ ᠬᠥᠯᠥᠨ ᠪᠤᠶᠢᠷ ᠬᠤᠲᠠ 15᠂ ᠲᠦᠩᠯᠢᠶᠣᠣ ᠬᠤᠲᠠ 7᠂ ᠤᠯᠠᠭᠠᠨᠬᠠᠳᠠ ᠬᠤᠲᠠ 1᠂ ᠣᠷᠳᠣᠰ ᠬᠤᠲᠠ 3᠂ ᠪᠠᠶᠠᠨᠨᠠᠭᠤᠷ ᠬᠤᠲᠠ 3᠂ ᠠᠯᠠᠱᠠ ᠠᠶᠢᠮᠠᠭ  2  ᠮᠡᠳᠡᠭᠦᠯᠪᠡ᠃ ᠨᠡᠶᠢᠲᠡ 486 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ  ᠂ ᠡᠭᠦᠨ ᠳᠤ ᠬᠥᠬᠡᠬᠤᠲᠠ ᠠᠴᠠ435᠂ ᠪᠤᠭᠤᠲᠤ ᠬᠤᠲᠠ ᠠᠴᠠ 25᠂ ᠬᠥᠯᠥᠨ ᠪᠤᠶᠢᠷ ᠬᠤᠲᠠ ᠠᠴᠠ 15᠂ ᠲᠦᠩᠯᠢᠶᠣᠣ ᠬᠤᠲᠠ ᠠᠴᠠ 3᠂ ᠣᠷᠳᠣᠰ ᠬᠤᠲᠠ ᠠᠴᠠ 3᠂ ᠪᠠᠶᠠᠨᠨᠠᠭᠤᠷ ᠬᠤᠲᠠ ᠠᠴᠠ 3᠂ ᠠᠯᠠᠱᠠ ᠠᠶᠢᠮᠠᠭ ᠠᠴᠠ 2 ᠪᠣᠶ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ︶
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1