4 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠰᠦᠨ ᠪᠢᠩ ᠸᠧᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠠᠵᠢᠯ ᠢ ᠰᠠᠶᠢᠲᠤᠷ ᠬᠢᠬᠦ ᠲᠤᠬᠠᠢ ᠴᠢᠩ ᠱᠦᠢ ᠾᠧ ᠰᠢᠶᠠᠨ ᠤ 209 ᠤᠯᠤᠰ ᠤᠨ ᠵᠠᠮ ᠤᠨ ᠡᠯ ᠳ᠋ᠣᠣ | ᠾᠧ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ᠂ ᠤᠯᠢᠶᠠᠰᠤᠲᠠᠢ ᠰᠢᠶᠠᠩ ᠤᠨ ᠭᠤᠴᠢᠨ ᠨᠢᠭᠡᠳᠦᠭᠡᠷ | ᠨᠣᠮᠧᠷᠲᠤ ᠲᠣᠰᠬᠤᠨ ᠤ ᠶᠢᠦ ᠷᠠᠨ ᠮᠠᠯᠵᠢᠯ ᠤᠨ ᠲᠠᠯᠠᠪᠠᠶ᠂ ᠢ ᠮᠢᠨ ᠪᠠᠭ᠎ᠠ ᠲᠣᠭᠤᠷᠢᠭ᠂ ᠬᠢᠲᠠᠳ ᠮᠣᠩᠭᠤᠯ ᠤᠨ | ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠪᠡ᠃ | | | | | | | | | | | | | | | | 209 ᠤᠯᠤᠰ ᠤᠨ ᠵᠠᠮ ᠤᠨ ᠡᠯ ᠳ᠋ᠣᠣ ᠾᠧ ᠭᠤᠣᠯ ᠤᠨ ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ | ᠂ ᠢ ᠮᠢᠨ ᠪᠠᠭ᠎ᠠ ᠲᠣᠭᠤᠷᠢᠭ ᠲᠤ᠂ ᠰᠦᠨ ᠪᠢᠩ ᠸᠧᠨ ᠬᠤᠷᠢᠭ᠎ᠠ ᠴᠡᠭ ᠢ ᠬᠠᠮᠢᠶᠠᠷᠤᠨ ᠡᠵᠡᠮᠳᠡᠭᠰᠡᠨ᠂ ᠵᠢᠵᠢᠭᠦᠷᠯᠡᠨ | ᠰᠠᠬᠢᠭᠰᠠᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ | ᠰᠦᠨ ᠪᠢᠩ ᠸᠧᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ | ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ | ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ | ᠤᠯᠠᠮ ᠴᠢᠨᠠᠭᠰᠢᠳᠠ ᠨᠢᠭᠲᠠ ᠰᠦᠯᠵᠢᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ | ᠪᠠ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠡᠢ᠃ | ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ᠂ ᠰᠦᠨ ᠪᠢᠩ ᠸᠧᠨ ᠨᠡᠭᠦᠳᠡᠯ ᠳᠥᠷᠪᠡᠯᠵᠢᠨ | ᠦᠷᠦᠭᠡ ᠶᠢᠨ ᠲᠤᠷᠰᠢᠯᠲᠠ ᠶᠢᠨ ᠲᠠᠰᠤᠭ ᠤᠨ ᠲᠤᠷᠰᠢᠯᠲᠠ ᠶᠢᠨ ᠡᠮ ᠪᠡᠯᠡᠳᠬᠡᠬᠦ ᠲᠣᠭᠤᠷᠢᠭ᠂ ᠦᠯᠢᠭᠡᠷ ᠡᠳ᠋ | ᠦᠢᠯᠡᠳᠬᠦ ᠲᠠᠰᠤᠭ᠂ ᠥᠷᠭᠡᠳᠬᠡᠨ ᠨᠡᠮᠡᠭᠳᠡᠭᠦᠯᠬᠦ ᠵᠠᠳᠠᠯᠤᠯᠲᠠ ᠶᠢᠨ ᠲᠠᠰᠤᠭ ᠵᠡᠷᠭᠡ ᠶᠢᠨ ᠪᠠᠶᠢᠷᠢᠯᠠᠭᠤᠯᠤᠯᠲᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠥᠮᠥᠰ ᠤᠨ ᠡᠳ᠋ ᠪᠣᠳᠠᠰ ᠤᠨ ᠲᠣᠬᠢᠷᠠᠭᠤᠯᠤᠯᠲᠠ᠂ | ᠸᠠᠺᠼᠢᠨ ᠤ ᠲᠠᠷᠢᠯᠭ᠎ᠠ ᠶᠢᠨ ᠶᠠᠪᠤᠴᠠ ᠵᠢᠴᠢ ᠡᠳᠦᠷ ᠤᠨ ᠲᠠᠷᠢᠯᠭ᠎ᠠ ᠶᠢᠨ ᠬᠥᠮᠥᠨ ᠤ ᠲᠤᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠸᠠᠺᠼᠢᠨ ᠤ ᠲᠠᠷᠢᠯᠭ᠎ᠠ ᠶᠢ ᠣᠳᠣᠬᠠᠨ ᠤ ᠠᠵᠢᠯ ᠤᠨ ᠴᠢᠬᠤᠯᠠ | ᠠᠭᠤᠯᠭ᠎ᠠ ᠪᠣᠯᠭᠠᠵᠤ᠂ ᠸᠠᠺᠼᠢᠨ ᠤ ᠲᠠᠷᠢᠯᠭ᠎ᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ | ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠲᠠᠰᠤᠷᠠᠯᠲᠠ ᠦᠭᠡᠢ | ᠪᠠᠬᠢᠵᠢᠭᠦᠯᠬᠦ ᠬᠡᠷᠡᠭᠲᠡᠢ ᠭᠡᠵᠡᠢ᠃ | | | | | | | | | | | | | | | | | | | ᠤᠯᠢᠶᠠᠰᠤᠲᠠᠢ ᠰᠢᠶᠠᠩ ᠤᠨ ᠢᠦ ᠷᠠᠨ ᠮᠠᠯᠵᠢᠯ ᠤᠨ ᠲᠠᠯᠠᠪᠠᠢ ᠳᠤ᠂ ᠰᠦᠨ ᠪᠢᠩ ᠸᠧᠨ ᠰᠠᠭᠠᠯᠢ ᠶᠢᠨ | ᠦᠨᠢᠶ᠎ᠡ ᠶᠢᠨ ᠲᠤᠭ᠎ᠠ ᠬᠡᠮᠵᠢᠶ᠎ᠡ᠂ ᠭᠠᠵᠠᠷ ᠰᠢᠷᠣᠢ ᠶᠢᠨ ᠡᠷᠭᠢᠯᠲᠡ᠂ ᠪᠦᠲᠦᠭᠡᠭᠳᠡᠬᠦᠨ ᠤ ᠪᠣᠷᠤᠯᠠᠭᠤᠯᠭ᠎ᠠ᠂ ᠪᠠᠷᠠᠭᠠᠨ ᠤ | ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠥᠪᠥᠷ ᠮᠣᠩᠭᠤᠯ ᠤᠨ ᠶᠢᠦ | ᠷᠠᠨ ᠮᠠᠯ ᠠᠵᠤ ᠠᠬᠤᠢ ᠨᠢ ᠲᠦᠭᠦᠬᠡᠢ ᠮᠠᠲ᠋ᠧᠷᠢᠶᠠᠯ ᠤᠨ ᠰᠦ ᠬᠠᠩᠭᠠᠬᠤ ᠬᠤᠳᠠᠯᠳᠤᠭᠠᠴᠢᠨ ᠪᠣᠯᠤᠭᠰᠠᠨ ᠤ | ᠬᠤᠪᠢ ᠳᠤ᠂ ᠴᠠᠭᠠᠨ ᠢᠳᠡᠭᠡᠨ ᠤ ᠠᠵᠢᠯ ᠲᠥᠷᠥᠯ ᠤᠨ ᠳᠡᠭᠡᠳᠦ ᠤᠷᠤᠰᠬᠠᠯ ᠤᠨ ᠮᠠᠯ ᠠᠵᠤ ᠠᠬᠤᠢ᠂ ᠲᠡᠵᠢᠭᠡᠯ | ᠪᠣᠷᠳᠤᠭ᠎ᠠ᠂ ᠡᠭᠦᠯᠳᠡᠷ ᠪᠣᠶᠢᠵᠢᠭᠤᠯᠬᠤ᠂ ᠡᠪᠡᠰᠦᠨ ᠤ ᠦᠢᠯᠡᠰ ᠵᠡᠷᠭᠡ ᠳᠥᠷᠪᠡᠨ ᠶᠡᠭᠡ ᠲᠤᠬᠠᠶᠢᠯᠠᠭᠰᠠᠨ ᠠᠵᠢᠯ ᠤᠨ | ᠬᠡᠰᠡᠭ ᠢ ᠬᠠᠮᠤᠷᠴᠤ᠂ ᠲᠡᠭᠦᠨ ᠤ ᠪᠦᠲᠦᠭᠡᠭᠳᠡᠬᠦᠨ ᠨᠢ ᠰᠢᠨ᠎ᠡ ᠰᠣᠷᠭᠤᠭ᠂ ᠰᠢᠮ᠎ᠡ ᠲᠡᠵᠢᠭᠡᠯ᠂ ᠥᠨᠳᠥᠷ ᠶᠠᠰᠤ | ᠴᠢᠨᠠᠷ ᠢᠶᠠᠷ ᠢᠶᠠᠨ ᠥᠷᠭᠡᠨ ᠣᠯᠠᠨ ᠬᠡᠷᠡᠭᠯᠡᠭᠴᠢᠳ ᠤᠨ ᠢᠲᠡᠭᠡᠯ ᠢ ᠣᠯᠣᠭᠰᠠᠨ ᠪᠠᠶᠢᠨ᠎ᠠ᠃ ᠰᠦᠨ ᠸᠧᠨ ᠪᠢᠩ | ᠵᠢᠭᠠᠵᠤ ᠭᠠᠷᠭᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ | ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠠᠵᠤ ᠠᠬᠤᠶᠢᠯᠠᠯ ᠨᠢ ᠬᠡᠷᠡᠭᠯᠡᠭᠴᠢᠳ ᠲᠤ ᠬᠠᠮᠤᠭ ᠤᠨ ᠰᠢᠯᠢᠳᠡᠭ | ᠦᠢᠯᠡᠳᠬᠦᠨ ᠪᠠ ᠦᠢᠯᠡᠴᠢᠯᠡᠭᠡ ᠬᠠᠩᠭᠠᠬᠤ ᠡᠭᠦᠷᠭᠡ ᠶᠢ ᠡᠭᠦᠷᠭᠡᠯᠡᠵᠦ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠢᠯᠲᠠᠨ ᠠᠵᠢᠯᠴᠢᠨ ᠤ ᠡᠷᠡᠭᠦᠯ ᠮᠡᠨᠳᠤ ᠶᠢ ᠪᠠᠲᠤᠯᠠᠬᠤ ᠰᠠᠭᠤᠷᠢᠨ ᠳᠡᠭᠡᠷ᠎ᠡ᠂ ᠦᠢᠯᠡᠳᠬᠦᠨ ᠤ ᠶᠠᠰᠤ | ᠴᠢᠨᠠᠷ ᠢ ᠪᠠᠲᠤᠯᠠᠬᠤ᠂ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ ᠶᠢ ᠴᠠᠭ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠥᠨᠳᠥᠷ ᠪᠠᠷᠢᠮᠵᠢᠶ᠎ᠠ ᠪᠠᠷ ᠦᠢᠯᠡᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ ᠭᠡᠵᠡᠢ᠃ | ᠰᠢᠶᠠᠨ ᠤ ᠤᠳᠤᠷᠢᠳᠤᠯᠭ᠎ᠠ ᠵᠠᠩ ᠺᠧ ᠯᠢᠩ᠂ ᠯᠢ ᠵᠢᠶᠦ᠋ᠨ᠂ ᠵᠠᠩ ᠷᠦ ᠭᠠᠩ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠵᠡᠢ᠃ |