4 ᠳ᠋ᠤᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ  ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/4/8
     4 ᠳ᠋ᠤᠭᠡᠷ ᠰᠠᠷ᠎ᠠ ᠶᠢᠨ 7 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠪᠡ᠂ ᠡᠭᠦᠨ ᠳᠤ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 1 ︵ᠴᠥᠮ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠥᠭᠡᠮ ᠬᠦᠴᠢᠯ ᠤᠨ ᠪᠠᠶᠢᠴᠠᠭᠠᠯᠲᠠ ᠪᠠᠷ ᠢᠯᠡᠷᠡᠭᠦᠯᠪᠡ︶᠃ 3 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠠᠴᠠ1᠂ ᠲᠦᠩᠯᠢᠶᠣᠣ ᠬᠤᠲᠠ ᠠᠴᠠ 2 ᠪᠣᠶ᠃      4  ᠳ᠋ᠤᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9 ᠪᠣᠶ᠂ ᠡᠭᠦᠨ ᠳᠤ ᠬᠥᠬᠡᠬᠤᠲᠠ ᠳᠤ 1᠂ ᠬᠢᠩᠭᠠᠨ ᠠᠶᠢᠮᠠᠭ ᠲᠤ 1᠂ ᠲᠦᠩᠯᠢᠶᠣᠣ ᠬᠤᠲᠠ ᠳᠤ 6᠂ ᠤᠯᠠᠭᠠᠨᠬᠠᠳᠠ ᠬᠤᠲᠠ ᠳᠤ 1 ᠪᠣᠶ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ15 ᠪᠣᠶ᠂ ᠡᠭᠦᠨ ᠳᠤ ᠬᠥᠬᠡᠬᠤᠲᠠ ᠳᠤ 8᠂ ᠲᠦᠩᠯᠢᠶᠣᠣ ᠬᠤᠲᠠ ᠳᠤ 7 ᠪᠣᠶ᠃ ᠬᠢᠯᠢ ᠶᠢᠨ ᠭᠠᠳᠠᠨ᠎ᠠ ᠠᠴᠠ ᠣᠷᠣᠵᠤ  ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ︵ᠤᠯᠠᠭᠠᠨᠬᠠᠳᠠ ᠬᠤᠲᠠ ᠳᠤ︶ 1 ᠪᠣᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ  ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃      2 ᠳ᠋ᠤᠭᠠᠷ ᠰᠠᠷ᠎ᠠ ᠶᠢᠨ 15 ᠤ ᠡᠳᠦᠷ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 495 ᠮᠡᠳᠡᠭᠦᠯᠪᠡ᠂ ᠡᠭᠦᠨ ᠳᠤ ᠬᠥᠬᠡᠬᠤᠲᠠ 436᠂ ᠪᠤᠭᠤᠲᠤ ᠬᠤᠲᠠ25᠂ ᠬᠥᠯᠥᠨ ᠪᠤᠶᠢᠷ ᠬᠤᠲᠠ15᠂ ᠬᠢᠩᠭᠠᠨ ᠠᠶᠢᠮᠠᠭ 1᠂ ᠲᠦᠩᠯᠢᠶᠣᠣ ᠬᠤᠲᠠ 9᠂ ᠤᠯᠠᠭᠠᠨᠬᠠᠳᠠ ᠬᠤᠲᠠ1᠂ ᠣᠷᠳᠣᠰ ᠬᠤᠲᠠ 3᠂ ᠪᠠᠶᠠᠨᠨᠠᠭᠤᠷ ᠬᠤᠲᠠ 3᠂ ᠠᠯᠠᠱᠠ ᠠᠶᠢᠮᠠᠭ 2 ᠮᠡᠳᠡᠭᠦᠯᠪᠡ᠃ ᠨᠡᠶᠢᠲᠡ 486 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠠᠴᠠ 435᠂ ᠪᠤᠭᠤᠲᠤ ᠬᠤᠲᠠ  ᠠᠴᠠ  25᠂ ᠬᠥᠯᠥᠨ ᠪᠤᠶᠢᠷ ᠬᠤᠲᠠ  ᠠᠴᠠ  15᠂ ᠲᠦᠩᠯᠢᠶᠣᠣ ᠬᠤᠲᠠ ᠠᠴᠠ 3᠂ ᠣᠷᠳᠣᠰ ᠬᠤᠲᠠ  ᠠᠴᠠ  3᠂ ᠪᠠᠶᠠᠨᠨᠠᠭᠤᠷ ᠬᠤᠲᠠ  ᠠᠴᠠ  3᠂ ᠠᠯᠠᠱᠠ ᠠᠶᠢᠮᠠᠭ ᠠᠴᠠ 2 ᠪᠣᠶ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ︶
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1