ᠬᠡᠷᠡᠭᠯᠡᠭᠡ ᠶᠢᠨ ᠡᠷᠬᠡ ᠲᠡᠭᠰᠢ ᠶᠢ ᠬᠠᠮᠳᠤᠪᠡᠷ ᠠᠬᠢᠭᠤᠯᠵᠤ ᠣᠷᠣᠨ ᠪᠦᠰᠡ ᠶᠢᠨ ᠣᠳᠣ ᠦᠶ᠎ᠡ ᠶᠢᠨ ᠬᠡᠷᠡᠭᠯᠡᠭᠡᠨ ᠤ ᠲᠥᠪ ᠢ ᠴᠤᠭᠴᠠᠯᠠᠬᠤ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2022/5/7
ᠵᠣᠴᠢᠨ᠄ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ᠂ ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ᠂ ᠪᠠᠴᠢᠮ ᠪᠠᠶᠢᠳᠠᠯ ᠢ  ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ᠂ ᠦᠨ᠎ᠡ ᠬᠠᠩᠰᠢ ᠶᠢᠨ  ᠬᠢᠨᠠᠨ ᠪᠠᠶᠢᠴᠠᠭᠠᠯᠲᠠ ᠶᠢᠨ ᠰᠠᠯᠠᠭᠠᠨ ᠤ ᠯᠢ ᠵᠧ      1.ᠬᠠᠮᠢᠶᠠᠷᠤᠭᠴᠢ      ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠥᠬᠡᠬᠤᠲᠠ  ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ      ᠬᠥᠲᠥᠯᠥᠭᠴᠢ ᠰᠠᠶᠢᠨ ᠪᠠᠶᠢᠨ᠎ᠠ ᠤᠤ︕ ᠰᠣᠨᠣᠰᠤᠭᠴᠢᠳ᠂ ᠰᠦᠯᠵᠢᠶᠡᠨ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠥᠷᠭᠡᠨ ᠣᠯᠠᠨ ᠰᠦᠯᠵᠢᠶᠡᠨ ᠨᠠᠶᠢᠵᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠰᠦᠯᠵᠢᠶᠡᠨ ᠨᠠᠶᠢᠵᠠ ᠨᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠢᠮᠠᠭᠲᠠ ᠠᠩᠬᠠᠷᠤᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠲᠠᠨᠠᠷ ᠤᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃      3. ᠬᠥᠲᠥᠯᠥᠭᠴᠢ      ᠬᠡᠷᠡᠭᠯᠡᠭᠴᠢᠳ ᠤᠨ ᠡᠷᠬᠡ ᠠᠰᠢᠭ  ᠢ ᠬᠠᠮᠠᠭᠠᠯᠠᠬᠤ ᠪᠣᠯ ᠥᠨᠢᠳᠡ ᠶᠢᠨ ᠶᠠᠷᠢᠶᠠᠨ ᠤ ᠰᠡᠳᠦᠪ ᠮᠥᠨ᠂ ᠬᠡᠷᠡᠭᠯᠡᠭᠡᠨ ᠤ ᠰᠠᠨᠠᠭ᠎ᠠ ᠠᠮᠤᠷ ᠣᠷᠴᠢᠨ ᠨᠥᠬᠦᠴᠡᠯ ᠢ ᠪᠤᠶ ᠪᠣᠯᠭᠠᠬᠤ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠷᠮᠠᠶᠢᠬᠤ ᠴᠢᠭᠯᠡᠯ ᠪᠣᠯᠣᠭᠰᠠᠭᠠᠷ ᠢᠷᠡᠭᠰᠡᠨ ᠶᠤᠮ᠃ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠡᠨᠡ ᠵᠢᠯ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠣᠨ ᠤ ᠭᠤᠣᠯ ᠰᠡᠳᠦᠪ  ᠢ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠲᠤ ᠪᠠᠷ ᠠᠬᠢᠭᠤᠯᠤᠶ᠎ᠠ︾ ᠭᠡᠵᠦ ᠲᠣᠭᠲᠠᠭᠠᠵᠠᠢ᠃ ᠡᠨᠡ ᠬᠦ ᠭᠤᠣᠯ ᠰᠡᠳᠦᠪ ᠨᠢ ᠶᠠᠮᠠᠷ ᠤᠳᠬ᠎ᠠ ᠠᠭᠤᠯᠭ᠎ᠠ ᠲᠠᠢ ᠪᠤᠢ︖      4. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ      ᠡᠨᠡ ᠵᠢᠯ ᠤᠨ ᠭᠤᠣᠯ ᠰᠡᠳᠦᠪ ᠪᠣᠯ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠲᠤ ᠪᠠᠷ  ᠠᠬᠢᠭᠤᠯᠤᠶ᠎ᠠ︾᠂ ᠡᠭᠦᠨ ᠳᠤ ᠳᠣᠣᠷᠠᠬᠢ ᠳᠥᠷᠪᠡᠨ ᠲᠠᠯ᠎ᠠ ᠶᠢᠨ ᠤᠳᠬ᠎ᠠ ᠠᠭᠤᠯᠭ᠎ᠠ ᠲᠠᠢ᠄ ᠨᠢᠭᠡ ᠳᠤ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠭᠤᠣᠯᠴᠢ ᠪᠠᠶᠢᠬᠤ ᠶᠢ ᠨᠡᠩ  ᠢᠯᠡᠬᠦᠦ ᠪᠠᠲᠤᠯᠠᠨ᠎ᠠ᠃ ᠣᠶᠢᠷ᠎ᠠ ᠶᠢᠨ ᠵᠢᠯ ᠠᠴᠠ ᠨᠠᠰᠢ᠂ ᠮᠠᠰᠢ ᠣᠯᠠᠨ ᠬᠡᠷᠡᠭᠯᠡᠭᠡᠨ ᠤ ᠬᠦᠷᠢᠶᠡᠨ ᠳᠤ ᠠᠳᠠᠯᠢ ᠪᠤᠰᠤ ᠬᠡᠮᠵᠢᠶ᠎ᠡ ᠪᠠᠷ ᠮᠥᠨ ᠬᠦ ᠭᠤᠣᠯᠴᠢ ᠪᠤᠰᠤ ᠦᠵᠡᠭᠳᠡᠯ ᠣᠷᠣᠰᠢᠭᠰᠠᠭᠠᠷ ᠪᠠᠶᠢᠨ᠎ᠠ᠂ ᠥᠩᠭᠡᠷᠡᠭᠰᠡᠨ ᠤ ︽ᠵᠢᠩ ᠯᠠᠩ ᠳᠤᠲᠠᠭᠤᠳᠠᠵᠤ︾ ᠪᠠᠶᠢᠭᠰᠠᠨ ᠠᠴᠠ ᠪᠠᠨ ᠥᠨᠥᠳᠥᠷ ᠤᠨ ᠲᠣᠮᠣ ᠳ᠋ᠠᠶᠢᠲ᠋ᠠ ᠶᠢᠨ ︽ ᠲᠠᠨᠢᠯ ᠬᠦᠮᠦᠨ ᠢ ᠪᠠᠨ ᠮᠡᠬᠡᠯᠡᠵᠦ ᠬᠢᠬᠠᠬᠤ︾ ᠬᠦᠷᠲᠡᠯ᠎ᠡ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠲᠥᠷᠥ ᠶᠢᠨ ᠪᠣᠳᠣᠯᠭ᠎ᠠ ᠢᠯᠡᠷᠡᠬᠦ ᠶᠢ ᠳᠠᠭᠠᠯᠳᠤᠨ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠪᠠᠶᠢᠳᠠᠯ ᠳᠤ ᠲᠠᠰᠤᠷᠠᠯᠲᠠ ᠦᠭᠡᠢ ᠰᠢᠨ᠎ᠡ ᠬᠤᠪᠢᠷᠠᠯᠲᠠ ᠭᠠᠷᠤᠭᠰᠠᠨ ᠪᠦᠭᠡᠳ ᠮᠦᠨ ᠰᠢᠨ᠎ᠡ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠬᠦ ᠲᠠᠯ᠎ᠠ ᠪᠠᠷ᠂ ᠬᠡᠷᠡᠭᠯᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠡᠳᠡᠭᠡᠷ ᠪᠠᠶᠢᠩᠭᠤ ᠶᠢᠨ ᠠᠵᠢᠯ ᠢ ᠲᠦᠯᠬᠢᠨ ᠠᠬᠢᠭᠤᠯᠬᠤ ᠪᠠᠷ ᠳᠠᠮᠵᠢᠭᠤᠯᠤᠨ ᠬᠡᠷᠡᠭᠯᠡᠭᠡ ᠶᠢᠨ ᠲᠥᠪ ᠭᠤᠣᠯᠴᠢ ᠪᠠᠶᠢᠬᠤ ᠶᠢ ᠠᠬᠢᠭᠤᠯᠬᠤ ᠬᠡᠷᠡᠭᠲᠡᠢ ᠮᠥᠷᠲᠡᠭᠡᠨ ᠪᠠᠰᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠠᠴᠠ ᠡᠭᠦᠰᠴᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠲᠠᠢ ᠢᠳᠡᠪᠬᠢᠲᠡᠢ ᠬᠤᠯᠪᠤᠭᠠᠯᠠᠨ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠳᠦᠷᠢᠮ ᠢ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠬᠡᠷᠡᠭᠯᠡᠭᠡ ᠶᠢᠨ ᠲᠥᠪ ᠭᠤᠣᠯᠴᠢ ᠶᠢ ᠬᠠᠮᠳᠤᠪᠡᠷ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠤᠨ  ᠬᠠᠤᠯᠢ ᠪᠠᠷ ᠵᠠᠰᠠᠬᠤ ᠪᠠᠲᠤᠯᠠᠭ᠎ᠠ ᠶᠢᠨ ᠰᠠᠭᠤᠷᠢ ᠶᠢ ᠨᠡᠩ ᠪᠠᠲᠤ ᠪᠠᠬᠢ ᠪᠣᠯᠭᠠᠬᠤ ᠬᠡᠷᠡᠭᠲᠡᠢ᠃ ᠬᠤᠶᠠᠷ ᠲᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ︾ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠬᠡᠷᠡᠭᠯᠡᠭᠡᠨ ᠤ ᠨᠡᠩ ᠭᠦᠨ ᠳᠡᠰ ᠳᠠᠪᠬᠤᠷᠭ᠎ᠠ ᠶᠢᠨ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠠᠵᠤ ᠠᠬᠤᠢ ᠶᠢᠨ ᠬᠥᠭᠵᠢᠯᠲᠡ᠂ ᠲᠧᠭᠨᠢᠭ ᠮᠡᠷᠭᠡᠵᠢᠯ ᠤᠨ ᠲᠠᠪᠰᠢᠯᠳᠠ ᠵᠢᠴᠢ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠲᠡᠰ ᠲᠡᠪᠰᠢᠯᠳᠡ ᠨᠢ ᠬᠡᠷᠡᠭᠯᠡᠭᠴᠢᠳ ᠤᠨ ᠥᠪᠡᠷᠮᠢᠴᠡᠴᠢᠯᠡᠭᠰᠡᠨ᠂ ᠤᠯᠠᠨ ᠶᠠᠩᠵᠤᠴᠢᠯᠠᠭᠰᠠᠨ ᠬᠡᠷᠡᠭᠯᠡᠭᠡᠨ ᠤ ᠬᠡᠷᠡᠭᠴᠡᠭᠡ ᠶᠢ ᠠᠳᠠᠯᠢ ᠪᠤᠰᠤ ᠬᠡᠮᠵᠢᠶ᠎ᠡ ᠪᠠᠷ ᠬᠠᠩᠭᠠᠭᠰᠠᠨ ᠪᠠᠶᠢᠨ᠎ᠠ᠃ ᠭᠡᠪᠡᠴᠦ ᠬᠥᠷᠥᠩᠭᠡ ᠶᠢᠨ ︽ ᠵᠡᠷᠯᠢᠭ ᠥᠰᠦᠯᠲᠡ︾ ᠪᠣᠯᠣᠨ ︽ᠡᠮᠬᠢ ᠵᠢᠷᠤᠮ ᠦᠭᠡᠢ ᠥᠷᠭᠡᠳᠬᠡᠯ︾ ᠨᠢ ᠵᠠᠷᠢᠮ ᠲᠠᠪᠴᠠᠩ ᠪᠣᠯᠣᠨ ᠡᠵᠡᠩᠨᠡᠭᠴᠢᠳ ᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ  ︾ ᠡᠰᠢ ᠶᠣᠰᠣᠨ ᠤ ᠥᠷᠲᠡᠭ ᠤᠨ ᠬᠥᠭᠡᠭᠡᠴᠡᠯᠳᠦᠯ ᠠᠴᠠ ᠵᠥᠷᠢᠴᠡᠭᠦᠯᠵᠦ᠂ ᠬᠡᠷᠡᠭᠯᠡᠭᠴᠢᠳ ᠤᠨ ᠬᠡᠷᠡᠭᠯᠡᠭᠡᠨ ᠤ ᠮᠡᠳᠡᠭᠡ ᠵᠠᠩᠭᠢ᠂ ᠬᠡᠷᠡᠭᠯᠡᠭᠡᠨ ᠤ ᠰᠡᠳᠬᠢᠴᠡ᠂ ᠬᠡᠷᠡᠭᠯᠡᠭᠡᠨ ᠤ ᠠᠵᠢᠯᠯᠠᠭ᠎ᠠ᠂ ᠬᠡᠷᠡᠭᠯᠡᠭᠡᠨ ᠤ ᠴᠢᠳᠠᠪᠤᠷᠢ ᠵᠡᠷᠭᠡ ᠶᠢ ᠵᠦᠢ ᠵᠣᠬᠢᠰ ᠦᠭᠡᠢ ᠪᠠᠷ ᠴᠤᠭᠯᠠᠭᠤᠯᠵᠤ᠂ ᠰᠢᠯᠢᠨ ᠰᠣᠩᠭᠤᠵᠤ᠂ ᠬᠡᠷᠡᠭᠯᠡᠵᠦ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠪᠠᠶᠢᠬᠤ ᠵᠠᠬ᠎ᠠ ᠳᠡᠯᠭᠡᠭᠦᠷ ᠤᠨ ᠡᠮᠬᠢ ᠵᠢᠷᠤᠮ ᠪᠣᠯᠣᠨ ᠠᠮᠤᠷ ᠲᠦᠪᠰᠢᠨ ᠳᠥᠭᠦᠮ ᠳᠥᠲᠡ᠂ ᠰᠠᠨᠠᠭ᠎ᠠ ᠠᠮᠤᠷ ᠲᠠᠭᠠᠯᠠᠮᠵᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠡᠪᠳᠡᠭᠰᠡᠨ ᠪᠠᠶᠢᠨ᠎ᠠ᠃ ᠬᠡᠷᠡᠭᠯᠡᠭᠡᠨ ᠤ ᠭᠤᠣᠯᠴᠢ ᠪᠠᠶᠢᠬᠤ ᠶᠢ ᠬᠠᠮᠳᠤᠪᠡᠷ ᠠᠬᠢᠭᠤᠯᠬᠤ ᠪᠣᠯ ᠳᠠᠷᠤᠢ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠬᠢᠨᠠᠯᠲᠠ ᠲᠠᠯᠪᠢᠬᠤ ᠳᠦᠷᠢᠮ ᠢ ᠴᠢᠩᠭᠠᠳᠬᠠᠵᠤ᠂ ᠡᠵᠡᠩᠨᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠰᠠᠶᠢᠨ ᠶᠠᠪᠤᠳᠠᠯ ᠬᠢᠬᠦ︾ ᠦᠷᠳᠡᠭ ᠤᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠯ᠎ᠡ ᠲᠦᠷᠦᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ᠂ ᠬᠡᠪ ᠵᠠᠭᠪᠤᠷ ᠤᠨ ᠵᠢᠷᠤᠮᠵᠢᠯ ᠲᠠᠢ ᠬᠥᠭᠵᠢᠯᠲᠡ ᠶᠢ ᠠᠬᠢᠭᠤᠯᠵᠤ᠂ ᠪᠦᠬᠦ ᠬᠡᠷᠡᠭᠯᠡᠭᠴᠢᠳ ᠤᠨ ᠠᠳᠠᠯᠢ ᠲᠡᠭᠰᠢ ᠬᠡᠷᠡᠭᠯᠡᠭᠡᠨ ᠤ ᠡᠷᠬᠡ ᠡᠳ᠋ᠯᠡᠬᠦ ᠶᠢ ᠪᠠᠲᠤᠯᠠᠵᠤ᠂ ᠬᠡᠳᠦ ᠵᠦᠷᠢᠶᠡᠴᠢᠯᠡᠭᠰᠡᠨ ᠪᠠ ᠭᠠᠳᠠᠭᠤᠷᠴᠢᠯᠠᠭᠰᠠᠨ ᠵᠡᠷᠭᠡ ᠠᠴᠠ ᠪᠣᠯᠤᠭᠰᠠᠨ ᠬᠡᠷᠡᠭᠯᠡᠭᠡᠨ ᠤ ᠭᠤᠣᠯᠴᠢ ᠪᠤᠰᠤ ᠠᠴᠠ ᠠᠩᠭᠢᠵᠢᠷᠠᠭᠤᠯᠵᠤ᠂ ᠨᠡᠩ ᠭᠦᠨ ᠳᠠᠪᠬᠤᠷᠭ᠎ᠠ ᠶᠢᠨ ᠬᠡᠷᠡᠭᠯᠡᠭᠡᠨ ᠤ ᠭᠤᠣᠯᠴᠢ ᠪᠠᠶᠢᠬᠤ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠭᠤᠷᠪᠠ ᠳᠤ᠂ ᠣᠨᠴᠠᠭᠠᠢ ᠨᠢᠭᠡ ᠪᠦᠯᠦᠭ ᠬᠦᠮᠦᠰ ᠤᠨ ᠬᠠᠮᠠᠭᠠᠯᠠᠯᠲᠠ ᠶᠢ ᠴᠢᠩᠭᠠᠳᠬᠠᠵᠤ᠂ ᠨᠡᠩ ᠶᠡᠭᠡ ᠬᠡᠪᠴᠢᠶᠡᠨ ᠤ ᠬᠡᠷᠡᠭᠯᠡᠭᠡ ᠶᠢᠨ ᠡᠷᠬᠡ ᠲᠡᠭᠰᠢ ᠪᠠᠶᠢᠬᠤ ᠶᠢ ᠪᠡᠶᠡᠯᠡᠭᠦᠯᠦᠨ᠎ᠡ᠃ ᠬᠡᠷᠡᠭᠯᠡᠭᠡᠨ ᠤ ᠡᠷᠬᠡ ᠲᠡᠭᠰᠢ ᠶᠢ ᠬᠠᠮᠳᠤᠪᠡᠷ ᠠᠬᠢᠭᠤᠯᠬᠤ ᠪᠣᠯ ᠪᠦᠬᠦ ᠬᠡᠷᠡᠭᠯᠡᠭᠴᠢᠳ ᠤᠨ ᠬᠡᠷᠡᠭᠯᠡᠭᠡᠨ ᠤ ᠡᠷᠬᠡ ᠲᠡᠭᠰᠢ ᠶᠢ ᠠᠬᠢᠭᠤᠯᠬᠤ ᠶᠠᠪᠤᠳᠠᠯ ᠮᠥᠨ᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ ᠶᠢ ᠲᠦᠯᠬᠢᠨ ᠠᠬᠢᠭᠤᠯᠵᠤ᠂ ᠪᠠᠰᠠ ᠨᠠᠰᠤᠨ ᠳᠤ ᠥᠯᠥ ᠬᠦᠷᠦᠭᠰᠡᠳ᠂ ᠨᠠᠰᠤᠲᠠᠶᠢᠴᠤᠳ᠂ ᠵᠡᠮᠳᠡᠭᠴᠦᠳ᠂ ᠣᠷᠣᠯᠭ᠎ᠠ ᠳᠣᠣᠷ᠎ᠠ ᠬᠥᠮᠥᠰ ᠵᠡᠷᠭᠡ ᠣᠨᠴᠠᠭᠠᠶ ᠨᠢᠭᠡ ᠪᠦᠯᠦᠭ ᠬᠡᠷᠡᠭᠯᠡᠭᠴᠢᠳ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠬᠥᠳᠡᠭᠡ ᠲᠣᠰᠬᠤᠨ᠂ ᠰᠢᠶᠠᠩ ᠪᠠᠯᠭᠠᠰᠤ ᠪᠠ ᠰᠢᠶᠠᠨ ᠤ ᠬᠡᠪᠴᠢᠶᠡᠨ ᠤ ᠭᠠᠵᠠᠷ ᠣᠷᠣᠨ ᠤ ᠬᠡᠷᠡᠭᠯᠡᠭᠡᠨ ᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠲᠡᠳᠡᠨ ᠳᠤ ᠠᠳᠠᠯᠢ ᠲᠡᠭᠰᠢ ᠠᠵᠠ ᠲᠣᠬᠢᠶᠠᠯ ᠪᠠ ᠡᠷᠬᠡ ᠲᠡᠭᠰᠢ ᠪᠡᠶ᠎ᠡ ᠬᠡᠮ ᠢ ᠡᠳ᠋ᠯᠡᠭᠦᠯᠦᠨ ᠬᠡᠷᠡᠭᠯᠡᠭᠡᠨ ᠤ ᠠᠵᠢᠯᠯᠠᠭ᠎ᠠ ᠳᠤ ᠣᠷᠣᠯᠴᠠᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠭᠰᠠᠨ ᠰᠠᠭᠤᠷᠢᠨ ᠳᠡᠭᠡᠷ᠎ᠡ᠂ ᠴᠠᠭ ᠦᠶ᠎ᠡ ᠶᠢᠨ ᠬᠡᠷᠡᠭᠯᠡᠭᠡᠨ ᠤ ᠠᠯᠬᠤᠴᠠ ᠶᠢ ᠳᠠᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠳᠤᠪᠡᠷ ᠡᠳ᠋ᠯᠡᠵᠦ᠂ ᠨᠡᠩ ᠶᠡᠭᠡ ᠬᠡᠪᠴᠢᠶᠡᠨ ᠤ ᠬᠡᠷᠡᠭᠯᠡᠭᠡᠨ ᠤ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠳᠥᠷᠪᠡ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢ ᠦᠢᠯᠡᠳᠦᠯᠭᠡᠵᠢᠭᠦᠯᠵᠦ᠂ ᠨᠡᠩ ᠥᠷᠬᠦᠯᠵᠢᠯᠡᠬᠦᠶᠢᠴᠡ ᠬᠡᠷᠡᠭᠯᠡᠭᠡ ᠶᠢᠨ ᠡᠷᠬᠡ ᠲᠡᠭᠰᠢ ᠶᠢ ᠪᠡᠶᠡᠯᠡᠭᠦᠯᠦᠨ᠎ᠡ᠃ 2021 ᠣᠨ ᠤ ᠡᠴᠦᠰ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠬᠡᠷᠡᠭᠯᠡᠭᠡᠨ ᠤ ᠬᠦᠷᠢᠶᠡᠨ ᠳᠤ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ ᠭᠡᠵᠦ ᠳᠤᠷᠠᠳᠴᠠᠢ᠃ ᠬᠡᠷᠡᠭᠯᠡᠭᠡᠨ ᠤ ᠭᠤᠣᠯᠴᠢ ᠪᠠᠶᠢᠬᠤ  ᠶᠢ ᠬᠠᠮᠳᠤᠪᠡᠷ ᠠᠬᠢᠭᠤᠯᠬᠤ ᠪᠣᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠬᠡᠷᠡᠭᠯᠡᠭᠴᠢᠳ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠪᠠ ᠦᠷᠭᠦᠯᠵᠢᠯᠡᠬᠦᠶᠢᠴᠡ ᠬᠡᠷᠡᠭᠯᠡᠭᠡᠨ ᠤ ᠠᠷᠭ᠎ᠠ ᠮᠠᠶ᠋ᠢᠭ ᠢ ᠢᠳᠡᠪᠬᠢᠲᠡᠢ ᠦᠢᠯᠡᠳᠦᠯᠭᠡᠵᠢᠭᠦᠯᠬᠦ ᠶᠢ ᠰᠠᠨᠠᠭᠠᠴᠢᠯᠠᠬᠤ ᠨᠢ᠂ ᠪᠢᠳᠡᠨ ᠤ ᠣᠳᠣᠬᠠᠨ ᠤ ᠬᠡᠷᠡᠭᠯᠡᠭᠡ ᠨᠢ ᠦᠷ᠎ᠡ ᠬᠤᠶᠢᠴᠢᠰ ᠤᠨ ᠢᠶᠠᠨ ᠦᠷᠭᠦᠯᠵᠢᠯᠡᠬᠦᠶᠢᠴᠡ ᠬᠡᠷᠡᠭᠯᠡᠭᠡ ᠳᠤ ᠬᠠᠷᠢᠭᠤᠴᠠᠵᠤ᠂ ᠲᠡᠳᠡᠨ ᠤ ᠬᠡᠷᠡᠭᠯᠡᠭᠡ ᠶᠢᠨ ᠭᠤᠣᠯᠴᠢ ᠪᠠᠶᠢᠬᠤ ᠬᠦᠰᠡᠯ ᠱᠠᠭᠠᠷᠳᠠᠯᠭ᠎ᠠ ᠶᠢ ᠨᠡᠩ ᠢᠯᠡᠭᠦᠦ ᠠᠩᠬᠠᠷᠴᠤ᠂ ᠲᠡᠳᠡᠨ ᠳᠤ ᠨᠡᠩ ᠤᠯᠠᠨ ᠳᠡᠯᠡᠬᠡᠢ ᠶᠢᠨ ᠪᠥᠮᠪᠥᠷᠴᠡᠭ ᠤᠨ ᠡᠬᠢ ᠪᠠᠶᠠᠯᠢᠭ ᠢ ᠦᠯᠡᠳᠡᠭᠡᠨ ᠥᠭᠴᠦ᠂ ᠦᠷ᠎ᠡ ᠬᠤᠶᠢᠴᠢᠰ ᠲᠠᠭᠠᠨ ᠪᠢᠳᠡᠨ ᠲᠠᠢ ᠠᠳᠠᠯᠢ ᠪᠠᠷ ᠬᠡᠷᠡᠭᠯᠡᠭᠡᠨ ᠤ ᠡᠷᠬᠡ ᠶᠢ ᠡᠷᠬᠡ ᠲᠡᠭᠰᠢ ᠪᠠᠷ ᠡᠳ᠋ᠯᠡᠭᠦᠯᠵᠦ᠂ ᠨᠡᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠳᠡᠭ ᠢ ᠬᠠᠷᠠᠭᠤᠯᠵᠤ ᠪᠠᠶᠢᠨ᠎ᠠ᠃      5. ᠬᠥᠲᠥᠯᠥᠭᠴᠢ      ᠲᠠ ᠰᠠᠶ᠋ᠢᠬᠠᠨ ᠡᠨᠡ ᠵᠢᠯ ᠤᠨ 315 ᠤ ︽ᠬᠡᠷᠡᠭᠯᠡᠭᠡ ᠶᠢᠨ ᠭᠤᠣᠯᠴᠢ ᠪᠠᠶᠢᠬᠤ ᠶᠢ ᠬᠠᠮᠳᠤᠪᠡᠷ ᠠᠬᠢᠭᠤᠯᠤᠶ᠎ᠠ ︾ ᠭᠡᠬᠦ ᠭᠤᠣᠯ ᠰᠡᠳᠦᠪ ᠢ ᠳᠤᠷᠠᠳᠤᠭᠰᠠᠨ ᠪᠠᠶᠢᠨ᠎ᠠ᠃ ᠪᠢᠳᠡᠨ ᠤ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠲᠤ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠳᠡᠭᠡᠭᠰᠢᠯᠡᠬᠦ ᠶᠢ ᠳᠠᠭᠠᠯᠳᠤᠨ᠂ ᠬᠡᠷᠡᠭᠯᠡᠭᠡᠨ ᠤ ᠵᠢᠭᠤᠷᠠᠯᠳᠤᠭᠠᠨ ᠳᠤ ᠤᠴᠠᠷᠠᠬᠤ ᠦᠶ᠎ᠡ ᠳᠤ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠠᠯᠠᠮᠵᠢ  ᠭᠤᠶᠤᠴᠢᠯᠠᠳᠠᠭ᠂ ᠲᠡᠭᠡᠪᠡᠯ ᠪᠢᠳᠠ ᠬᠡᠷᠡᠭᠯᠡᠭᠡᠨ ᠤ ᠲᠠᠯ᠎ᠠ ᠶᠢᠨ ᠵᠢᠭᠤᠷᠠᠯᠳᠤᠭᠠᠨ ᠳᠤ ᠲᠤᠯᠭᠠᠷᠠᠪᠠᠯ ᠶᠠᠮᠠᠷ ᠠᠷᠭ᠎ᠠ ᠮᠠᠶ᠋ᠢᠭ ᠢᠶᠠᠷ ᠭᠤᠮᠣᠳᠠᠯ ᠲᠣᠭᠠᠴᠢᠬᠤ ᠴᠢᠬᠤᠯᠠᠲᠠᠢ ᠪᠤᠢ︖      6. ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ      ᠪᠢᠳᠡ ᠣᠳᠣᠬᠠᠨ ᠳᠤ ᠭᠤᠣᠯᠳᠠᠭᠤ ᠳᠣᠣᠷᠠᠬᠢ ᠬᠡᠳᠦᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠯᠡᠭᠡᠨ ᠤ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠵᠦ ᠪᠠᠶᠢᠨ᠎ᠠ᠄ ᠨᠢᠭᠡ ᠳᠤ 12315 ᠲᠠᠪᠴᠠᠩ᠂ ᠭᠤᠣᠯᠳᠠᠭᠤ ᠤᠳᠠᠰᠤ ᠲᠤᠰᠴᠤ ᠭᠥᠯᠢᠶᠡᠨ ᠠᠪᠤᠨ᠎ᠠ᠂ ᠡᠨᠡ ᠨᠢ ᠣᠳᠣᠬᠠᠨ ᠳᠤ 76.93% ᠶᠢ ᠡᠵᠡᠯᠡᠵᠦ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠠᠷᠭ᠎ᠠ ᠵᠠᠮ ᠤᠨ  ᠲᠣᠳᠤᠷ᠎ᠠ ᠨᠡᠯᠢᠶᠡᠳ ᠶᠡᠭᠡ ᠶᠢ ᠡᠵᠡᠯᠡᠵᠦ ᠪᠠᠶᠢᠨ᠎ᠠ︔ ᠬᠤᠶᠠᠷ ᠲᠤ ᠢᠨᠲ᠋ᠧᠷ ᠰᠦᠯᠵᠢᠶᠡᠨ ᠤ ᠠᠷᠭ᠎ᠠ ᠵᠠᠮ᠂ ᠡᠭᠦᠨ ᠳᠤ PC ᠦᠵᠦᠭᠦᠷ᠂ APP᠂ ᠸᠢᠴᠠᠲ ᠤᠨ ᠵᠢᠵᠢᠭ ᠫᠷᠣᠭ᠍ᠷᠠᠮ ᠪᠠ ᠸᠢᠴᠠᠲ ᠤᠨ ᠨᠡᠶᠢᠲᠡ ᠶᠢᠨ ᠳ᠋ᠤᠭᠠᠷ᠂ ᡁᠢ ᠹᠦ᠋ ᠪᠣᠣ ᠤᠨ ᠵᠢᠵᠢᠭ ᠫᠷᠣᠭ᠍ᠷᠠᠮ ᠪᠠ ᠬᠤᠲᠠ ᠶᠢᠨ ᠦᠢᠯᠡᠴᠢᠯᠡᠭᠡ ᠵᠡᠷᠭᠡ ᠪᠠᠭᠲᠠᠨ᠎ᠠ᠂ ᠡᠨᠡ ᠨᠢ 20.72% ᠢ ᠡᠵᠡᠯᠡᠵᠦ ᠪᠠᠶᠢᠨ᠎ᠠ︔ ᠭᠤᠷᠪᠠ ᠳᠤ ᠰᠢᠤᠳᠠᠨ ᠤ ᠬᠠᠶᠢᠷᠴᠠᠭ᠂ ᠵᠠᠬᠢᠳᠠᠯ᠂ ᠪᠤᠰᠤᠳ ᠰᠠᠯᠠᠭ᠎ᠠ ᠮᠥᠴᠢᠷ ᠰᠢᠯᠵᠢᠭᠦᠯᠦᠨ ᠰᠢᠢᠳᠪᠦᠷᠢᠯᠡᠭᠦᠯᠬᠦ ᠵᠡᠷᠭᠡ ᠪᠣᠯᠣᠨ᠎ᠠ᠂ ᠡᠨᠡ ᠨᠢ 2.35% ᠶᠢ ᠡᠵᠡᠯᠡᠵᠦ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ᠂ ᠬᠤᠲᠠ ᠶᠢᠨ ᠳᠠᠷᠤᠭ᠎ᠠ ᠶᠢᠨ ᠬᠠᠯᠠᠮᠰᠢᠯ ᠤᠲᠠᠰᠤ᠂ ᠶᠠᠷᠢᠶ᠎ᠠ  ᠬᠡᠯᠡᠯᠴᠡᠭᠡ ᠶᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ ᠵᠠᠮ ᠪᠣᠢ᠃      7. ᠬᠥᠲᠥᠯᠥᠭᠴᠢ      ᠮᠠᠨ ᠤ ᠠᠷᠠᠳ ᠣᠯᠠᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠦᠷᠭᠦᠯᠵᠢ ︽ᠬᠡᠷᠡᠭᠯᠡᠭᠡᠨ ᠤ ᠵᠢᠭᠤᠷᠠᠯᠳᠤᠭᠠᠨ ᠲᠣᠬᠢᠶᠠᠯᠳᠤᠪᠠᠯ᠂ ᠤᠷᠢᠳ ᠢᠶᠠᠷ 12315 ᠶᠢ ᠡᠷᠢᠨ᠎ᠡ︾ ᠭᠡᠵᠦ ᠶᠠᠷᠢᠳᠠᠭ᠃ ᠡᠨᠡ ᠨᠢ 12315 ᠲᠠᠪᠴᠠᠩ ᠤᠨ ᠠᠷᠠᠳ ᠣᠯᠠᠨ ᠤ ᠰᠡᠳᠬᠢᠯ ᠳᠠᠬᠢ ᠴᠢᠬᠤᠯᠠ ᠴᠢᠨᠠᠷ ᠢ ᠬᠠᠷᠠᠭᠤᠯᠵᠤ ᠪᠠᠶᠢᠭ᠎ᠠ ᠶᠤᠮ᠃ ᠨᠢᠳᠤᠨᠤᠨ ᠤ 12315 ᠶᠢᠨ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠢ ᠲᠠ ᠪᠢᠳᠡᠨ ᠳᠤ  ᠲᠠᠨᠢᠯᠴᠠᠭᠤᠯᠤᠭᠠᠳ ᠦᠭᠭᠦᠨ᠎ᠡ ᠤᠤ︖      8. ᠬᠡᠷᠡᠭᠯᠡᠭᠴᠢᠳ ᠤᠨ ᠡᠷᠬᠡ ᠠᠰᠢᠭ  ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ      2021ᠣᠨ ᠳᠤ ᠬᠥᠬᠡᠬᠤᠲᠠ ᠶᠢᠨ ᠪᠥᠬᠦ ᠤᠯᠤᠰ ᠤᠨ 12315 ᠲᠠᠪᠴᠠᠩ ᠡᠯ᠎ᠡ ᠲᠥᠷᠥᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠯᠠᠪᠯᠠᠯᠭ᠎ᠠ ᠶᠢ ᠨᠡᠶᠢᠲᠡ 4.28 ᠲᠦᠮᠡᠨ ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 145.32% ᠨᠡᠮᠡᠭᠳᠡᠪᠡ ︵2020 ᠣᠨ ᠳᠤ ᠵᠠᠭᠠᠯᠳᠤᠯᠭ᠎ᠠ  ᠢᠯᠡᠴᠢᠯᠡᠨ ᠮᠡᠳᠡᠭᠦᠯᠦᠯᠲᠡ ᠶᠢ ᠨᠡᠶᠢᠲᠡ 1.75 ᠲᠦᠮᠡᠨ ᠬᠤᠪᠢ ᠭᠥᠯᠢᠶᠡᠨ ᠠᠪᠤᠪᠠ᠂ ᠡᠭᠦᠨ ᠳᠤ ᠵᠠᠭᠠᠯᠳᠤᠯᠭ᠎ᠠ13518 ᠬᠤᠪᠢ᠂ ᠢᠯᠡᠴᠢᠯᠡᠨ ᠮᠡᠳᠡᠭᠦᠯᠦᠯᠲᠡ3922 ᠬᠤᠪᠢ︶᠃ ᠡᠭᠦᠨ ᠳᠤ ᠵᠠᠭᠠᠯᠳᠤᠯᠭ᠎ᠠ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ ᠭᠤᠣᠯᠳᠠᠭᠤ᠄ ᠭᠡᠷ᠎ᠡ᠂ ᠢᠳᠡᠭᠡᠨ ᠤ ᠠᠮᠤᠷ ᠲᠦᠪᠰᠢᠨ᠂ ᠶᠠᠰᠤ ᠴᠢᠨᠠᠷ᠂ ᠪᠤᠰᠤᠳ ᠵᠦᠢᠯ ᠵᠡᠷᠭᠡ ᠪᠣᠯᠣᠨ᠎ᠠ᠃ ᠵᠠᠭᠠᠯᠳᠤᠯᠭ᠎ᠠ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠲᠠᠸᠠᠷ ᠲᠤ ᠭᠤᠣᠯᠳᠠᠭᠤ᠄ ᠡᠩ ᠤᠨ ᠢᠳᠡᠭᠡᠨ᠂ ᠬᠤᠪᠴᠠᠰᠤ ᠬᠤᠨᠠᠷ᠂ ᠱᠠᠬᠠᠢ ᠮᠠᠯᠠᠭᠠᠢ᠂ ᠪᠤᠰᠤᠳ ᠲᠠᠸᠠᠷ᠂ ᠵᠠᠮ ᠬᠠᠷᠢᠯᠴᠠᠭᠠᠨ ᠤ ᠪᠠᠭᠠᠵᠢ ᠵᠡᠷᠭᠡ ᠪᠤᠶ᠃ ᠵᠠᠭᠠᠯᠳᠤᠯᠭ᠎ᠠ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠪᠠᠷ ᠨᠡᠯᠢᠶᠡᠳ ᠶᠡᠭᠡ ᠦᠢᠯᠡᠴᠢᠯᠡᠭᠡ ᠳᠤ ᠭᠤᠣᠯᠳᠠᠭᠤ᠄ ᠪᠣᠷᠤᠯᠠᠭᠤᠯᠭ᠎ᠠ  ᠶᠢᠨ ᠦᠢᠯᠡᠴᠢᠯᠡᠭᠡ᠂ ᠬᠤᠭᠤᠯᠠ ᠤᠮᠳᠠ ᠪᠠ ᠬᠤᠨᠤᠭ ᠪᠠᠭᠤᠳᠠᠯ ᠤᠨ ᠦᠢᠯᠡᠴᠢᠯᠡᠭᠡ᠂ ᠰᠤᠷᠭᠠᠨ ᠬᠥᠮᠦᠵᠢᠯ᠂ ᠪᠣᠯᠪᠠᠰᠤᠷᠠᠯ ᠤᠨ ᠦᠢᠯᠡᠴᠢᠯᠡᠭᠡ᠂ ᠪᠤᠰᠤᠳ ᠦᠢᠯᠡᠴᠢᠯᠡᠭᠡ ᠵᠡᠷᠭᠡ ᠪᠤᠶ᠃ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠠᠰᠠᠭᠤᠳᠠᠯ ᠨᠢ ᠭᠤᠣᠯᠳᠠᠭᠤ᠄ ᠢᠳᠡᠭᠡᠨ ᠤ ᠠᠰᠠᠭᠤᠳᠠᠯ᠂ ᠵᠠᠷ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠪᠣᠯᠣᠨ᠎ᠠ᠃ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠲᠠᠸᠠᠷ ᠲᠤ ᠭᠤᠣᠯᠳᠠᠭᠤ᠄ ᠡᠩ ᠤᠨ ᠢᠳᠡᠭᠡᠨ᠂ ᠲᠠᠮᠠᠬᠢ᠂ ᠠᠷᠢᠬᠢ ᠪᠣᠯᠣᠨ ᠤᠮᠳᠠᠭᠠᠨ᠂ ᠭᠡᠷ ᠤᠨ ᠡᠳ᠋ᠯᠡᠯ ᠬᠡᠷᠡᠭᠰᠡᠯ᠂ ᠪᠤᠰᠤᠳ ᠲᠠᠸᠠᠷ ᠵᠡᠷᠭᠡ︔ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠪᠠᠷ ᠨᠡᠯᠢᠶᠡᠳ ᠶᠡᠭᠡ ᠦᠢᠯᠡᠴᠢᠯᠡᠭᠡ ᠳᠤ ᠭᠤᠣᠯᠳᠠᠭᠤ᠄ ᠬᠤᠭᠤᠯᠠ ᠤᠮᠳᠠ ᠪᠠ ᠬᠤᠨᠤᠭ ᠪᠠᠭᠤᠳᠠᠯ ᠤᠨ ᠦᠢᠯᠡᠴᠢᠯᠡᠭᠡ᠂ ᠪᠣᠷᠤᠯᠠᠭᠤᠯᠭ᠎ᠠ ᠶᠢᠨ ᠦᠢᠯᠡᠴᠢᠯᠡᠭᠡ᠂ ᠰᠤᠷᠭᠠᠨ ᠬᠥᠮᠦᠵᠢᠯ᠂ ᠪᠣᠯᠪᠠᠰᠤᠷᠠᠭᠤᠯᠤᠯ ᠤᠨ ᠦᠢᠯᠡᠴᠢᠯᠡᠭᠡ᠂ ᠪᠤᠰᠤᠳ ᠦᠢᠯᠡᠴᠢᠯᠡᠭᠡ ᠵᠡᠷᠭᠡ ᠪᠣᠶ᠃12315 ᠲᠠᠪᠴᠠᠩ ᠢᠶᠠᠷ ᠳᠠᠮᠵᠢᠭᠤᠯᠤᠨ᠂ 2021 ᠣᠨ ᠳᠤ ᠪᠢᠳᠡ ᠬᠡᠷᠡᠭᠯᠡᠭᠴᠢᠳ ᠲᠤ ᠨᠡᠶᠢᠳᠡ 2088.98 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃      ᠡᠭᠦᠨ ᠳᠤ᠂ ᠣᠨᠴᠠᠭᠠᠶᠢᠯᠠᠨ ᠳᠤᠷᠠᠳᠤᠭᠤᠰᠢᠲᠠᠢ ᠨᠢ᠂ ᠮᠠᠨ ᠤ ᠬᠤᠲᠠ ᠶᠢᠨ ᠲᠣᠰ ᠤᠳᠠᠭᠠᠨ ᠤ ᠬᠢᠵᠢᠭ ᠤᠨ ᠪᠠᠶᠢᠳᠠᠯ᠂ ᠥᠭᠡᠷ᠎ᠡ ᠪᠠᠷ ᠬᠡᠯᠡᠪᠡᠯ 2 ᠳ᠋ᠤᠭᠠᠷ ᠰᠠᠷ᠎ᠠ ᠶᠢᠨ 16 ᠤ ᠡᠳᠦᠷ ᠠᠴᠠ ᠣᠲᠣ ᠪᠣᠯᠲᠠᠯ᠎ᠠ᠂ 12315 ᠳᠠᠪᠴᠠᠩ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠨᠡᠶᠢᠲᠡ 194 ᠬᠤᠪᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ 138 ᠬᠤᠪᠢ ᠵᠠᠭᠠᠯᠳᠤᠯᠭ᠎ᠠ᠂ 56 ᠬᠤᠪᠢ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠪᠠᠶᠢᠨ᠎ᠠ᠃  ᠵᠠᠭᠠᠯᠳᠤᠯᠭ᠎ᠠ ᠶᠢᠨ ᠪᠠᠶᠢᠳᠠᠯ ᠤᠨ ᠵᠠᠳᠠᠯᠤᠯᠲᠠ ᠠᠴᠠ ᠦᠵᠡᠪᠡᠯ ᠂ ᠭᠤᠣᠯᠳᠠᠭᠤ ᠢᠳᠡᠰᠢᠨ ᠨᠣᠭᠤᠭ᠎ᠠ᠂ ᠮᠢᠬ᠎ᠠ ᠵᠢᠴᠢ ᠮᠢᠬᠠᠨ ᠢᠳᠡᠭᠡᠨ᠂ ᠵᠢᠮᠢᠰ᠂ ᠡᠮ ᠤᠨ ᠵᠦᠢᠯ᠂ ᠲᠤᠲᠤᠷᠭ᠎ᠠ ᠵᠡᠷᠭᠡ ᠠᠮᠢᠳᠤᠷᠠᠯ ᠤᠨ ᠡᠳ᠋ ᠪᠣᠳᠠᠰ ᠤᠨ ᠦᠨ᠎ᠡ ᠬᠡᠲᠦ ᠥᠨᠳᠥᠷ ᠪᠤᠶᠤ ᠦᠨ᠎ᠡ ᠬᠠᠩᠰᠢ ᠶᠢ ᠢᠯᠡ ᠲᠡᠮᠳᠡᠭᠯᠡᠭᠰᠡᠨ ᠦᠭᠡᠢ ᠵᠡᠷᠭᠡ ᠲᠠᠯ᠎ᠠ ᠶᠢᠨ ᠵᠠᠭᠠᠯᠳᠤᠯᠭ᠎ᠠ ᠨᠡᠶᠢᠲᠡ 143 ᠬᠤᠪᠢ ᠪᠠᠶᠢᠨ᠎ᠠ᠂ ᠡᠭᠦᠨ ᠳᠤ ᠬᠤᠯᠪᠣᠭᠳᠠᠬᠤ ᠭᠤᠣᠯ ᠴᠣᠭᠴᠠ ᠨᠢ ᠭᠤᠣᠯᠳᠠᠭᠤ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠪᠣᠯᠣᠨ᠎ᠠ︔ ᠳᠠᠷᠠᠭᠠᠯᠠᠪᠠᠯ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠷᠭ᠎ᠠ ᠬᠡᠮᠵᠢᠶ᠎ᠡ ᠨᠢ ᠵᠣᠬᠢᠰ ᠦᠭᠡᠢ ︵ᠠᠮᠠᠪᠴᠢ ᠵᠡᠭᠦᠬᠦ ᠦᠭᠡᠢ᠂ ᠡᠷᠡᠭᠦᠯ ᠮᠡᠨᠳᠦ ᠶᠢᠨ ᠺᠣᠳ᠋ ᠢ ᠦᠵᠡᠬᠦ ᠦᠭᠡᠢ᠂ ᠬᠥᠮᠥᠨ ᠬᠠᠷ᠎ᠠ ᠴᠤᠭᠯᠠᠷᠠᠬᠤ᠂ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠵᠡᠷᠭᠡ︶ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠨᠡᠶᠢᠲᠡ 22 ᠬᠤᠪᠢ ᠪᠣᠶ᠂ ᠡᠭᠦᠨ ᠳᠤ ᠬᠤᠯᠪᠣᠭᠳᠠᠭᠰᠠᠨ ᠭᠤᠣᠯ ᠴᠣᠭᠴᠠ ᠨᠢ ᠭᠤᠣᠯᠳᠠᠭᠤ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠡᠮ ᠤᠨ ᠳᠡᠯᠭᠡᠭᠦᠷ ᠵᠡᠷᠭᠡ ᠪᠣᠯᠣᠨ᠎ᠠ︔ ᠰᠦᠢᠳᠬᠡᠯ ᠪᠤᠴᠠᠭᠠᠬᠤ ᠠᠰᠠᠭᠤᠳᠠᠯ ᠳᠤ ᠬᠤᠯᠪᠣᠭᠳᠠᠭᠰᠠᠨ  ᠨᠢ ᠨᠡᠶᠢᠲᠡ 24 ᠬᠤᠪᠢ ᠪᠠᠶᠢᠵᠤ᠂  ᠬᠤᠯᠪᠤᠭᠳᠠᠭᠰᠠᠨ ᠭᠤᠣᠯ ᠴᠤᠭᠴᠠ ᠨᠢ ᠵᠣᠴᠢᠳ ᠤᠨ ᠪᠠᠭᠤᠳᠠᠯ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠡᠲᠦ ᠳᠡᠯᠭᠡᠭᠦᠷ ᠵᠡᠷᠭᠡ  ᠪᠣᠯᠤᠨ᠎ᠠ᠂ ᠪᠤᠰᠤᠳ ᠲᠠᠯ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠨᠡᠶᠢᠲᠡ 5 ᠬᠤᠪᠢ ᠪᠣᠢ  ᠃      9. ᠬᠥᠲᠥᠯᠥᠭᠴᠢ      ᠪᠢᠳᠡ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠠᠴᠠ ᠦᠵᠡᠪᠡᠯ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠨᠢ ᠠᠯᠢ  ᠱᠠᠲᠤ ᠦᠶ᠎ᠡ ᠳᠤ ᠴᠤ ᠭᠡᠳ ᠴᠥᠮ ᠠᠷᠠᠳ ᠣᠯᠠᠨ ᠤ ᠠᠩᠬᠠᠷᠤᠯ ᠢ ᠬᠠᠮᠤᠭ ᠠᠴᠠ ᠢᠯᠡᠭᠦᠦ ᠲᠠᠲᠠᠵᠤ  ᠪᠠᠶᠢᠨ᠎ᠠ᠃ ᠲᠠ ᠰᠠᠶ᠋ᠢᠬᠠᠨ ᠪᠠᠰᠠ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠲᠤᠷᠠᠳᠤᠯ᠎ᠠ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ  ᠨᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠯ᠎ᠡ ᠲᠠᠯ᠎ᠠ ᠶᠢᠨ ᠬᠢᠨ ᠤ ᠠᠩᠬᠠᠷᠤᠯ ᠢ ᠬᠠᠮᠤᠭ ᠠᠴᠠ ᠢᠯᠡᠭᠦᠦ ᠲᠠᠲᠠᠳᠠᠭ᠂ ᠲᠡᠭᠡᠪᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠯ︖ ᠡᠨᠡ ᠨᠢ ᠮᠥᠨ ᠴᠦ ᠰᠦᠯᠵᠢᠶᠡᠨ ᠠᠨᠳᠠ ᠨᠠᠷ ᠤᠨ ᠠᠩᠬᠠᠷᠤᠯ ᠲᠠᠯᠪᠢᠵᠤ ᠪᠠᠶᠢᠭ᠎ᠠ ᠵᠦᠢᠯ ᠪᠣᠯᠣᠨ᠎ᠠ᠃      10. ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ      ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠬᠢᠵᠢᠭ ᠤᠨ ᠪᠠᠶᠢᠳᠠᠯ ᠤᠨ ᠵᠢᠯᠤᠭᠤᠳᠬᠤ ᠭᠠᠵᠠᠷ ᠵᠢᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠥᠪᠥᠷ ᠮᠣᠩᠭᠤᠯ ᠤᠨ ᠬᠦᠢᠲᠡᠨ ᠬᠡᠯᠬᠢᠶ᠎ᠡ︾  ᠮᠦᠷᠳᠡᠬᠦ ᠰᠢᠰᠲ᠋ᠧᠮ ᠢ ᠬᠡᠷᠡᠭᠯᠡᠵᠦ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠪᠠ ᠭᠠᠳᠠᠭᠠᠳᠤ ᠠᠴᠠ ᠣᠷᠣᠭᠤᠯᠤᠭᠰᠠᠨ ᠠᠯᠢᠮ᠎ᠠ ᠵᠢᠮᠢᠰ ᠲᠤ ᠬᠢᠨᠠᠯᠲᠠ ᠬᠠᠮᠢᠶᠠᠷᠤᠯᠲᠠ ᠶᠢᠨ ᠠᠵᠢᠯ ᠬᠢᠵᠦ᠂ 2020 ᠣᠨ ᠤ 12 ᠳ᠋ᠤᠭᠠᠷ ᠰᠠᠷ᠎ᠠ ᠶᠢᠨ 28 ᠤ ᠡᠳᠦᠷ ᠠᠴᠠ ᠡᠬᠢᠯᠡᠵᠦ ᠠᠵᠢᠯᠯᠠᠭᠤᠯᠤᠭᠰᠠᠨ  ᠠᠴᠠ ᠨᠠᠰᠢ᠂ ᠭᠠᠳᠠᠭᠠᠳᠤ ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ ᠢ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ 2022 ᠣᠨ ᠤ 1 ᠳ᠋ᠤᠭᠡᠷ ᠰᠠᠷ᠎ᠠ ᠶᠢᠨ 28 ᠤ ᠡᠳᠦᠷ ᠠᠴᠠ ᠡᠬᠢᠯᠡᠨ ᠭᠠᠳᠠᠭᠠᠳᠤ ᠠᠴᠠ ᠣᠷᠣᠭᠤᠯᠤᠭᠰᠠᠨ ᠠᠯᠢᠮ᠎ᠠ ᠵᠢᠮᠢᠰ ᠢ ᠴᠦ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠪᠠ᠃      ᠮᠠᠨ ᠤ ᠲᠣᠪᠴᠢᠶ᠎ᠠ ︽ᠥᠪᠥᠷ ᠮᠣᠩᠭᠤᠯ ᠤᠨ ᠬᠦᠢᠲᠡᠨ ᠬᠡᠯᠬᠢᠶ᠎ᠡ︾ ᠰᠢᠰᠲ᠋ᠧᠮ ᠢ ᠳᠡᠯᠭᠡᠷᠡᠭᠦᠯᠦᠨ ᠠᠵᠢᠯᠯᠠᠭᠤᠯᠬᠤ ᠶᠢ ᠢᠳᠡᠪᠬᠢᠲᠡᠢ ᠥᠷᠨᠢᠭᠦᠯᠵᠦ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶ᠎ᠡ ᠶᠢᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠵᠢᠴᠢ ᠭᠠᠳᠠᠭᠠᠳᠤ ᠠᠴᠠ ᠣᠷᠣᠭᠤᠯᠤᠭᠰᠠᠨ ᠠᠯᠢᠮ᠎ᠠ ᠵᠢᠮᠢᠰ ᠡᠵᠡᠩᠨᠡᠭᠴᠢ ᠶᠢᠨ ᠪᠣᠷᠣᠯᠠᠭᠤᠯᠬᠤ᠂ ᠦᠢᠯᠡᠳᠪᠦᠷᠢᠯᠡᠬᠦ᠂ ᠬᠠᠳᠠᠭᠠᠯᠠᠬᠤ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠬᠠᠮᠢᠶ᠎ᠠ ᠪᠦᠬᠦᠢ ᠵᠠᠩᠭᠢᠯᠠᠭ᠎ᠠ ᠶᠢᠨ ᠭᠦᠢᠯᠭᠡᠭᠡᠨ ᠤ ᠮᠡᠳᠡᠭᠡ ᠵᠠᠩᠭᠢ ᠪᠠᠨ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠬᠤ ᠶᠢ ᠰᠢᠮᠳᠠᠭᠤᠯᠪᠠ᠃ ᠡᠭᠦᠨ ᠤ ᠬᠠᠮᠲᠤ ᠮᠠᠨ ᠤ ᠲᠣᠪᠴᠢᠶ᠎ᠠ ︽ᠰᠦᠯᠵᠢᠶᠡᠨ  ᠳᠡᠭᠡᠷᠡᠬᠢ᠂ ᠰᠦᠯᠵᠢᠶᠡᠨ ᠠᠴᠠ ᠭᠠᠳᠠᠭᠤᠷᠬᠢ︾ ᠣᠯᠠᠨ ᠵᠦᠢᠯ ᠤᠨ ᠠᠷᠭ᠎ᠠ ᠮᠠᠶ᠋ᠢᠭ ᠢᠶᠠᠷ ︽ ᠥᠪᠥᠷ ᠮᠣᠩᠭᠤᠯ ᠤᠨ ᠬᠦᠢᠲᠡᠨ ᠬᠡᠯᠬᠢᠶ᠎ᠡ︾ ᠶᠢ ᠠᠵᠢᠯᠯᠠᠭᠤᠯᠬᠤ ᠶᠢ ᠲᠦᠭᠡᠮᠡᠯᠵᠢᠬᠦᠯᠬᠦ ᠪᠣᠯᠪᠠᠰᠤᠷᠠᠭᠤᠯᠤᠯ ᠬᠢᠪᠡ᠃ ᠣᠷᠣᠨ ᠤ ᠭᠠᠳᠠᠨ᠎ᠠ ᠠᠴᠠ ᠭᠠᠳᠠᠭᠠᠳᠤ ᠠᠴᠠ ᠣᠷᠣᠭᠤᠯᠤᠭᠰᠠᠨ ᠵᠢᠴᠢ  ᠥᠨᠳᠥᠷ ᠳᠤᠮᠳᠠ  ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠭᠠᠳᠠᠭᠠᠳᠤ ᠠᠴᠠ ᠣᠷᠤᠭᠤᠯᠤᠭᠰᠠᠨ ᠬᠦᠢᠲᠡᠨ  ᠬᠡᠯᠬᠢᠶᠡᠨ ᠤ ᠢᠳᠡᠭᠡᠨ ᠵᠢᠴᠢ ᠠᠯᠢᠮ᠎ᠠ ᠵᠢᠮᠢᠰ ᠢ ᠣᠷᠣᠭᠤᠯᠬᠤ ᠨᠢᠭᠡᠴᠡ ᠪᠣᠯᠣᠨ ᠬᠤᠪᠢ ᠬᠥᠮᠥᠨ ᠡᠷᠬᠡᠪᠰᠢ ᠢᠳᠡᠭᠡᠨ ᠤ ᠵᠦᠢᠯ ᠬᠦᠷᠴᠦ ᠢᠷᠡᠬᠦ ᠠᠴᠠ 24 ᠴᠠᠭ ᠤᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠮᠦᠷᠳᠡᠬᠦ ᠰᠢᠰᠲ᠋ᠧᠮ ︵ᠸᠢᠴᠠᠲ ᠤᠨ ᠵᠢᠵᠢᠭ ᠫᠷᠣᠭ᠍ᠷᠠᠮ ︽ ᠥᠪᠥᠷ ᠮᠣᠩᠭᠤᠯ ᠤᠨ ᠬᠦᠢᠲᠡᠨ ᠬᠡᠯᠬᠢᠶ᠎ᠡ︾︶ ᠳᠤ ᠣᠷᠣᠵᠤ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠬᠦ ᠶᠢᠨ ᠬᠠᠮᠲᠤ ︽ᠥᠪᠥᠷ ᠮᠣᠩᠭᠤᠯ ᠤᠨ ᠬᠦᠢᠲᠡᠨ ᠬᠡᠯᠬᠢᠶ᠎ᠡ︾ ᠶᠢᠨ ᠡᠯᠧᠺᠲᠷᠣᠨ ᠮᠦᠷᠳᠡᠬᠦ ᠺᠣᠳ᠋ ᠢ ᠣᠯᠭᠤᠪᠠᠯ ᠰᠠᠶ᠋ᠢ ᠪᠣᠷᠣᠯᠠᠭᠤᠯᠵᠤ ᠪᠣᠯᠣᠨ᠎ᠠ᠂  ᠬᠤᠯᠪᠤᠭᠳᠠᠯ ᠪᠦᠬᠦᠢ ᠠᠵᠢᠯᠲᠠᠳ ᠡᠷᠬᠡᠪᠰᠢ ᠱᠠᠭᠠᠷᠳᠠᠯᠭ᠎ᠠ ᠶᠣᠰᠣᠭᠠᠷ ᠭᠠᠷᠠᠭ ᠪᠦᠷᠢ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ᠃      ᠡᠭᠦᠨ ᠠᠴᠠ ᠭᠠᠳᠠᠨ᠎ᠠ᠂ ᠪᠠᠰᠠ ᠳᠣᠣᠷᠠᠬᠢ ᠠᠵᠢᠯ ᠤᠳ ᠢ ᠥᠷᠨᠢᠭᠦᠯᠪᠡ᠄ ᠨᠢᠭᠡ ᠳᠤ ᠬᠥᠬᠡᠬᠤᠲᠠ ᠶᠢᠨ ᠬᠦᠢᠲᠡᠨ ᠬᠡᠯᠬᠢᠶᠡᠨ ᠤ ᠢᠳᠡᠭᠡᠨ ᠤ ᠵᠦᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠶᠢ ᠪᠠᠶᠢᠭᠤᠯᠪᠠ᠃ ᠡᠯ᠎ᠡ ᠭᠡᠰᠢᠭᠦᠨ ᠨᠢᠭᠡᠴᠡ ᠨᠦᠭᠦᠳ ︽ᠠᠵᠢᠯ ᠤᠨ ᠲᠥᠰᠥᠯ︾ ᠳᠤ ᠲᠣᠭᠲᠠᠭᠠᠭᠰᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠲᠤᠰᠬᠠᠢ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠬᠥᠮᠥᠨ᠂ ᠪᠣᠳᠠᠰ᠂ ᠣᠷᠴᠢᠨ ᠲᠣᠭᠤᠷᠢᠨ︾ ᠳᠤ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ  ᠪᠠᠶᠢᠴᠠᠭᠠᠯᠲᠠ ᠬᠢᠬᠦ ᠪᠠ ᠵᠢᠷᠤᠮᠵᠢᠯ  ᠲᠠᠢ ᠠᠷᠢᠭᠤᠳᠬᠠᠬᠤ᠂ ᠬᠦᠢᠲᠡᠨ ᠬᠡᠯᠬᠢᠶᠡᠨ ᠤ ᠢᠳᠡᠭᠡᠨ ᠢ ᠬᠠᠮᠵᠢᠨ ᠪᠠᠶᠢᠴᠠᠭᠠᠬᠤ ᠠᠵᠢᠯ ᠢ ᠰᠠᠶᠢᠲᠤᠷ ᠬᠢᠪᠡ᠃ ᠬᠤᠶᠠᠷ ᠲᠤ᠂ ᠬᠦᠢᠲᠡᠨ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠬᠦᠢᠲᠡᠨ ᠬᠡᠯᠬᠢᠶᠡᠨ ᠤ ᠢᠳᠡᠭᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠪᠡ᠃2020 ᠣᠨ ᠤ 12 ᠳ᠋ᠤᠭᠠᠷ ᠰᠠᠷ᠎ᠠ ᠠᠴᠠ ᠡᠬᠢᠯᠡᠨ᠂ ᠬᠦᠢᠲᠡᠨ  ᠬᠡᠯᠬᠢᠶᠡᠨ ᠤ ᠢᠳᠡᠭᠡᠨ ᠲᠠᠢ ᠬᠤᠯᠪᠣᠭᠳᠠᠬᠤ ︽ᠬᠥᠮᠥᠨ᠂ ᠪᠣᠳᠠᠰ᠂ ᠣᠷᠴᠢᠨ ᠲᠣᠭᠤᠷᠢᠨ︾ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ ᠭᠠᠳᠠᠭᠠᠲᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠤ ᠬᠤᠯᠪᠤᠭᠳᠠᠯ ᠪᠦᠬᠦᠢ ᠠᠵᠢᠯᠲᠠᠨ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠵᠢᠴᠢ ᠬᠤᠯᠪᠤᠭᠳᠠᠯ ᠪᠦᠬᠦᠢ ᠣᠷᠴᠢᠨ ᠲᠣᠭᠤᠷᠢᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠪᠠ᠃ ᠭᠤᠷᠪᠠ ᠳᠤ᠂ ᠬᠦᠢᠲᠡᠨ ᠬᠡᠯᠬᠢᠶᠡᠨ ᠤ ᠢᠳᠡᠭᠡᠨ ᠢ ᠵᠢᠵᠢᠭᠯᠡᠨ ᠬᠤᠳᠠᠯᠳᠤᠬᠤ ᠦᠵᠦᠭᠦᠷ ᠢ ᠴᠢᠩᠭ᠎ᠠ ᠠᠩᠬᠠᠷᠴᠤ᠂ ᠳᠡᠭᠡᠳᠦ ᠤᠷᠤᠰᠬᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠴᠢᠩᠭ᠎ᠠ ᠪᠠᠶᠢᠴᠠᠭᠠᠪᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠢ ᠬᠢᠨᠠᠨ ᠬᠠᠮᠢᠶᠠᠷᠬᠤ ᠶᠢᠨ ᠬᠠᠮᠲᠤ᠂ ᠬᠢᠨᠠᠯᠲᠠ ᠬᠠᠮᠢᠶᠠᠷᠤᠯᠲᠠ ᠶᠢ ᠤᠷᠤᠭᠰᠢ ᠰᠢᠯᠵᠢᠭᠦᠯᠵᠦ᠂ ᠭᠠᠳᠠᠭᠠᠳᠤ ᠠᠴᠠ ᠣᠷᠤᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠵᠢᠵᠢᠭᠯᠡᠨ ᠬᠤᠳᠠᠯᠳᠤᠬᠤ ᠦᠵᠦᠭᠦᠷ ᠤᠨ ᠪᠠᠶᠢᠴᠠᠭᠠᠯᠲᠠ ᠶᠢ ᠴᠢᠩᠭᠠᠳᠬᠠᠬᠤ ᠶᠢᠨ ᠬᠠᠮᠲᠤ᠂ ᠮᠠᠨ ᠤ ᠬᠤᠲᠠ ᠶᠢᠨ ᠬᠡᠪᠴᠢᠶᠡᠨ ᠳᠠᠬᠢ ᠳᠡᠭᠡᠳᠦ ᠤᠷᠤᠰᠬᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠪᠠᠶᠢᠴᠠᠭᠠᠪᠠ᠃ ᠳᠥᠷᠪᠡ ᠳᠤ᠂ ᠰᠤᠷᠭᠠᠭᠤᠯᠢ ᠶᠢᠨ ᠬᠦᠷᠢᠶᠡᠨ ᠤ ᠬᠦᠢᠲᠡᠨ ᠬᠡᠯᠬᠢᠶᠡᠨ ᠤ ᠢᠳᠡᠭᠡᠨ ᠤ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ   ᠡᠵᠡᠮᠳᠡᠪᠡ᠃      11. ᠬᠥᠲᠥᠯᠥᠭᠴᠢ      ᠭᠠᠳᠠᠭᠠᠳᠤ  ᠠᠴᠠ ᠣᠷᠣᠭᠤᠯᠤᠭᠰᠠᠨ ᠬᠦᠢᠲᠡᠨ ᠬᠡᠯᠬᠢᠶᠡᠨ ᠤ ᠢᠳᠡᠭᠡᠨ ᠢ ᠬᠢᠨᠠᠨ ᠬᠠᠮᠢᠶᠠᠷᠬᠤ ᠠᠴᠠ ᠭᠠᠳᠠᠨ᠎ᠠ ᠂ ᠣᠨᠴᠠᠭᠠᠶ ᠴᠠᠭ ᠦᠶ᠎ᠡ ᠳᠤ᠂ ᠮᠠᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠶᠢᠨ ᠬᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖      12. ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ      ᠮᠠᠨ ᠤ ᠲᠣᠪᠴᠢᠶ᠎ᠠ ᠬᠠᠷᠢᠶ᠎ᠠ ᠭᠠᠵᠠᠷ ᠤᠨ ᠲᠣᠪᠴᠢᠶ᠎ᠠ ᠵᠢᠴᠢ ᠪᠥᠬᠦ ᠬᠤᠲᠠ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠢᠮᠠᠭᠲᠠ ᠴᠢᠩᠭ᠎ᠠ ᠱᠠᠭᠠᠷᠳᠠᠭᠰᠠᠭᠠᠷ ᠢᠷᠡᠵᠡᠶ᠂ ᠨᠢᠭᠡ ᠲᠠᠯ᠎ᠠ ᠪᠠᠷ ᠲᠠᠯᠠᠪᠤᠷ ᠭᠠᠵᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠥᠨ ᠬᠠᠷ᠎ᠠ ᠴᠤᠭᠯᠠᠷᠠᠬᠤ ᠶᠢ ᠰᠡᠷᠭᠡᠶᠢᠯᠡᠨ᠂ ᠣᠷᠣᠬᠤ ᠡᠭᠦᠳᠡᠨ  ᠳᠡᠭᠡᠷ᠎ᠡ  ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠵᠦ ᠪᠠᠶᠢᠭ᠎ᠠ ᠪᠠᠶᠢᠳᠠᠯ ᠢ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠪᠠᠶᠢᠩᠭᠤ ᠶᠢᠨ ᠴᠢᠨᠠᠷᠲᠠᠢ ᠰᠠᠶᠢᠲᠤᠷ  ᠬᠢᠪᠡ᠃ 2022 ᠣᠨ ᠤ 2 ᠳ᠋ᠤᠭᠠᠷ ᠰᠠᠷ᠎ᠠ ᠶᠢᠨ 17 ᠤ ᠡᠳᠦᠷ ᠮᠠᠨ ᠤ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠲᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠬᠢᠨᠠᠨ ᠪᠠᠶᠢᠴᠠᠭᠠᠯᠲᠠ ᠶᠢ ᠴᠢᠩᠭᠠᠳᠬᠠᠬᠤ ᠲᠤᠬᠠᠢ ᠮᠡᠳᠡᠭᠳᠡᠯ︾  ᠪᠠᠭᠤᠯᠭᠠᠭᠰᠠᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠳᠡᠭᠡᠨ ᠤᠮᠳᠠᠭᠠᠨ ᠤ ᠳᠤᠭᠤᠶᠢᠯᠠᠩ ᠪᠠᠶᠢᠭᠤᠯᠵᠤ᠂ ᠪᠥᠬᠦ ᠬᠤᠲᠠ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠢᠨᠠᠨ ᠵᠢᠯᠤᠭᠤᠳᠴᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠨᠢ ︽ᠬᠥᠬᠡᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ︵2022 ᠣᠨ ᠤ 8 ᠳ᠋ᠤᠭᠠᠷ ᠲᠣᠭᠠᠲᠤ︶︾ ᠤᠨ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢ ᠨᠢ ᠰᠢᠮᠳᠠᠭᠤᠯᠪᠠ᠃      ᠢᠳᠡᠭᠡᠨ ᠤᠮᠳᠠᠭᠠᠨ ᠤ ᠲᠠᠯ᠎ᠠ ᠳᠤ᠂ ᠪᠢ ᠥᠭᠡᠷ᠎ᠡ ᠪᠠᠰᠠ ᠬᠡᠳᠦᠨ ᠦᠭᠡ ᠬᠡᠯᠡᠶ᠎ᠡ᠂ 2021 ᠣᠨ ᠠᠴᠠ ᠨᠠᠰᠢ᠂ ᠮᠠᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠥᠬᠦ ᠬᠤᠲᠠ ᠶᠢᠨ ᠬᠡᠪᠴᠢᠶᠡᠨ ᠳᠤ ︽ᠪᠣᠯᠪᠠᠰᠤᠨ ᠬᠤᠭᠤᠯᠠᠨ ᠰᠢᠷᠡᠭᠡ︾ ᠶᠢᠨ ᠠᠵᠢᠯᠯᠠᠭ᠎ᠠ ᠥᠷᠨᠢᠭᠦᠯᠵᠦ᠂ ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠳᠤ ︽ᠨᠡᠶᠢᠲᠡ ᠶᠢᠨ ᠰᠠᠪᠬ᠎ᠠ ᠨᠡᠶᠢᠲᠡ ᠶᠢᠨ  ᠬᠠᠯᠪᠠᠭ᠎ᠠ ᠬᠡᠷᠡᠭᠯᠡᠬᠦ᠂ ᠢᠳᠡᠭᠡᠨ ᠢ ᠦᠯᠦ ᠪᠦᠷᠢᠯᠭᠡᠬᠦ︾ ᠤᠬᠠᠭᠤᠯᠭ᠎ᠠ ᠶᠢ ᠴᠢᠩᠭᠠᠳᠬᠠᠪᠠ᠂ ᠨᠢᠭᠡ ᠳᠤ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠳᠤ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠠᠷᠯᠠᠯ 2000 ᠬᠤᠪᠢ ᠲᠠᠷᠬᠠᠭᠠᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠪᠠ ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠬᠦ ᠶᠢᠨ ᠰᠠᠶᠢᠨ ᠲᠠᠯ᠎ᠠ ᠶᠢ ᠢᠳᠡᠪᠬᠢᠲᠡᠢ ᠤᠬᠠᠭᠤᠯᠪᠠ︔ ᠬᠤᠶᠠᠷ ᠲᠤ᠂ ᠮᠠᠨ ᠤ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠤᠨ ᠲᠠᠪᠴᠠᠩ ᠢ ᠠᠰᠢᠭᠯᠠᠨ᠂ ᠪᠥᠬᠦ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ᠂ ᠥᠷᠭᠡᠨ ᠣᠯᠠᠨ ᠬᠡᠷᠡᠭᠯᠡᠭᠴᠢᠳ ᠲᠤ ᠰᠠᠨᠠᠭᠠᠴᠢᠯᠠᠭ᠎ᠠ ᠳᠤᠷᠠᠳᠴᠤ᠂ ᠨᠡᠶᠢᠲᠡ ᠶᠢᠨ ᠰᠠᠪᠬ᠎ᠠ ᠨᠡᠶᠢᠲᠡ ᠶᠢᠨ  ᠬᠠᠯᠪᠠᠭ᠎ᠠ ᠶᠢ ᠢᠳᠡᠪᠬᠢᠲᠡᠢ ᠬᠡᠷᠡᠭᠯᠡᠨ᠂ ᠡᠪᠡᠳᠴᠢᠨ ᠤ ᠪᠠᠺᠲ᠋ᠧᠷᠢ ᠬᠠᠯᠳᠠᠪᠤᠷᠢᠯᠠᠬᠤ ᠲᠣᠬᠢᠶᠠᠯᠳᠤᠮᠵᠢ ᠶᠢ  ᠪᠠᠭᠤᠷᠠᠭᠤᠯᠬᠤ ᠶᠢ ᠰᠠᠨᠠᠭᠠᠴᠢᠯᠠᠪᠠ︔ ᠭᠤᠷᠪᠠ ᠳᠤ ︽︿ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ﹀ ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠷᠢᠶ᠎ᠠ ᠭᠠᠵᠠᠷ ᠤᠨ ᠲᠣᠪᠴᠢᠶ᠎ᠠ ᠶᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠰᠢᠮᠳᠠᠭᠤᠯᠤᠨ᠂ ᠨᠠᠷᠢᠯᠢᠭ ᠲᠣᠬᠢᠷᠠᠭᠤᠯᠤᠨ ᠪᠠᠶᠢᠷᠢᠯᠠᠭᠤᠯᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠠᠵᠢᠯ ᠢ ᠡᠳᠦᠷ ᠲᠤᠲᠤᠮ ᠤᠨ ᠠᠵᠢᠯ ᠳᠠᠭᠠᠨ ᠣᠷᠣᠭᠤᠯᠤᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠡᠵᠡᠩᠨᠡᠯᠲᠡ ᠶᠢ ᠨᠢ ᠵᠢᠷᠤᠮᠵᠢᠭᠤᠯᠤᠨ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠪᠠ︔ ᠳᠥᠷᠪᠡ ᠳᠤ᠂ ᠢᠳᠡᠭᠡᠨ ᠤᠮᠳᠠᠭᠠᠨ ᠤ ᠠᠵᠢᠯ ᠲᠦᠷᠦᠯ ᠤᠨ ᠥᠪᠡᠷ ᠢ ᠪᠠᠨ ᠱᠠᠭᠠᠷᠳᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠷᠠᠯ ᠢ ᠬᠤᠷᠠᠯᠳᠤᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠰᠡᠷᠡᠮᠵᠢᠯᠡᠭᠦᠯᠬᠦ ᠪᠢᠴᠢᠭ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠢᠳᠡᠭᠡᠨ ᠤᠮᠳᠠᠭᠠᠨ ᠤ ᠨᠢᠭᠡᠴᠡ ᠰᠠᠨᠠᠭ᠎ᠠ ᠠᠮᠤᠷ ᠬᠤᠭᠤᠯᠠᠨ ᠲᠢᠩᠭᠢᠮ ︵ᠬᠤᠭᠤᠯᠠᠨ ᠭᠡᠷ︶ ᠤᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠲᠠᠪᠤ ᠳᠤ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠭᠦᠷᠢᠳᠡ ᠨᠠᠮ ᠢᠶᠠᠨ ᠲᠠᠭᠠᠨ᠎ᠠ · ᠬᠠᠮᠳᠤᠪᠡᠷ ᠪᠣᠯᠪᠠᠰᠤᠨ ᠢ ᠡᠷᠬᠢᠮᠯᠡᠶ᠎ᠡ  ︾ ᠭᠡᠬᠦ ᠵᠠᠭᠤᠨ ᠡᠳᠦᠷ ᠤᠨ︱︽ᠪᠣᠯᠪᠠᠰᠤᠨ ᠬᠤᠭᠤᠯᠠᠨ ᠰᠢᠷᠡᠭᠡ· ᠪᠦᠷᠢᠯᠭᠡᠨ ᠰᠦᠢᠳᠬᠡᠬᠦ ᠶᠢ ᠲᠡᠪᠴᠢᠬᠦ ᠳᠤ ᠪᠢᠳᠡ ᠬᠠᠮᠳᠤᠪᠡᠷ ᠣᠷᠤᠯᠴᠠᠶ᠎ᠠ﹀ᠠᠵᠢᠯᠯᠠᠭ᠎ᠠ ᠶᠢᠨ ᠲᠥᠰᠥᠯ︾ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠠᠵᠢᠯ ᠤᠨ ᠲᠥᠰᠥᠯ︾ ᠪᠣᠯᠪᠠᠰᠤᠨ ᠬᠤᠭᠤᠯᠠᠨ ᠰᠢᠷᠡᠭᠡ·ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠤᠯᠪᠤᠭᠳᠠᠯ ᠪᠦᠬᠦᠢ ᠤᠬᠠᠭᠤᠯᠭ᠎ᠠ ᠶᠢᠨ ᠠᠵᠢᠯ ᠤᠨ ᠲᠥᠰᠥᠯ ᠢ ᠲᠣᠭᠲᠠᠭᠠᠪᠠ᠃ ᠳᠡᠭᠡᠷᠡᠬᠢ ᠵᠦᠢᠯ ᠤᠳ ᠨᠢ ᠬᠤᠲᠠ ᠶᠢᠨ ᠠᠷᠠᠳ ᠤᠨ ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ ᠬᠡᠷᠡᠭᠯᠡᠬᠦ᠂ ᠢᠳᠡᠭᠡᠨ ᠤᠮᠳᠠᠭᠠᠨ ᠤ ᠪᠦᠷᠢᠯᠭᠡᠬᠦ ᠶᠢ ᠡᠰᠡᠷᠭᠦᠴᠡᠬᠦ ᠤᠬᠠᠮᠰᠠᠷ  ᠢ ᠨᠡᠮᠡᠭᠳᠡᠭᠦᠯᠬᠦ  ᠶᠢᠨ ᠲᠥᠯᠥᠭᠡ ᠶᠤᠮ᠂ ᠡᠶᠢᠮᠦ ᠠᠴᠠ ᠥᠨᠥᠳᠥᠷ ᠡᠨᠡᠬᠦ ᠲᠠᠪᠴᠠᠩ ᠳᠡᠭᠡᠷ᠎ᠡ ᠮᠦᠨ ᠥᠷᠭᠡᠨ ᠣᠯᠠᠨ ᠬᠤᠲᠠ ᠶᠢᠨ ᠠᠷᠠᠳ᠂ ᠰᠣᠨᠣᠰᠤᠭᠴᠢ ᠨᠠᠶᠢᠵᠠ ᠨᠠᠷ  ᠲᠤ ᠥᠪᠡᠷ ᠤᠨ ᠢᠶᠠᠨ ᠲᠥᠯᠥᠭᠡ᠂ ᠪᠤᠰᠤᠳ ᠤᠨ ᠲᠥᠯᠥᠭᠡ᠂ ᠬᠤᠭᠤᠯᠠᠨ ᠰᠢᠷᠡᠭᠡᠨ ᠤ ᠶᠣᠰᠣᠯᠠᠯ ᠤᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂ ᠬᠤᠰᠢᠭᠤᠴᠢ ᠪᠣᠯᠵᠤ᠂ ᠨᠡᠶᠢᠲᠡ ᠶᠢᠨ ᠰᠠᠪᠬ᠎ᠠ ᠨᠡᠶᠢᠲᠡ  ᠶᠢᠨ ᠬᠠᠯᠪᠠᠭ᠎ᠠ ᠬᠡᠷᠡᠭᠯᠡᠵᠦ᠂ ᠢᠳᠡᠭᠡᠨ ᠤᠮᠳᠠᠭᠠᠨ ᠢ ᠪᠦᠷᠢᠯᠭᠡᠬᠦ ᠶᠢ ᠡᠰᠡᠷᠭᠦᠴᠡᠰᠦᠭᠡᠢ ᠭᠡᠵᠦ ᠤᠷᠢᠶᠠᠯᠠᠵᠤ ᠪᠠᠶᠢᠨ᠎ᠠ᠃      13. ᠬᠥᠲᠥᠯᠥᠭᠴᠢ      ᠶᠦᠨ ᠰᠠᠯᠠᠭᠠᠨ ᠳᠠᠷᠤᠭ᠎ᠠ ᠶᠢᠨ ᠲᠦᠭᠡᠮᠡᠯᠵᠢᠭᠦᠯᠦᠯᠲᠡ ᠳᠤ ᠲᠠᠯᠠᠷᠬᠠᠵᠤ ᠪᠠᠶᠢᠨ᠎ᠠ᠃ ᠪᠢᠳᠡᠨ ᠤ ᠮᠡᠳᠡᠭᠡᠵᠢ ᠪᠠᠷ ᠂ ᠢᠳᠡᠭᠡᠨ ᠤ ᠠᠮᠤᠷ ᠲᠦᠪᠰᠢᠨ ᠢ ᠴᠢᠩᠭ᠎ᠠ ᠠᠳᠬᠤᠬᠤ ᠲᠠᠯ᠎ᠠ ᠪᠠᠷ᠂ ᠮᠠᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠳᠡᠭᠡᠷᠡᠬᠢ ᠠᠵᠢᠯ ᠤᠳ ᠢ ᠬᠢᠭᠰᠡᠨ ᠠᠴᠠ ᠭᠠᠳᠠᠨ᠎ᠠ᠂ ᠪᠠᠰᠠ ᠪᠤᠰᠤᠳ ᠲᠠᠯ᠎ᠠ ᠶᠢᠨ ᠮᠠᠰᠢ ᠣᠯᠠᠨ ᠴᠢᠷᠮᠠᠶᠢᠯᠭ᠎ᠠ ᠭᠠᠷᠭᠠᠵᠠᠢ᠂ ᠢᠯᠠᠩᠭᠤᠶ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠠᠯ᠎ᠠ ᠪᠠᠷ᠂ ᠣᠶᠢᠷ᠎ᠠ ᠶᠢᠨ ᠵᠢᠯ ᠤᠳ ᠲᠤ᠂ ᠲᠥᠪ ᠬᠤᠲᠠ  ᠨᠢ ᠡᠮᠦᠨ᠎ᠡ ᠡᠩᠨᠡᠭᠡᠨ ᠳᠤ ᠶᠠᠪᠤᠭᠰᠠᠭᠠᠷ ᠢᠷᠡᠭᠰᠡᠨ ᠶᠤᠮ᠂ ᠣᠳᠣᠬᠠᠨ ᠳᠤ ᠮᠠᠨ ᠤ ᠲᠥᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠨᠡ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠡᠷᠡᠭᠯᠡᠭᠡᠨ ᠤ ᠡᠷᠬᠡ ᠲᠡᠭᠰᠢ ᠶᠢ ᠠᠬᠢᠭᠤᠯᠤᠭᠰᠠᠨ ᠪᠣᠶ︖ ᠡᠭᠦᠨ ᠤ ᠬᠠᠮᠲᠤ ᠡᠨᠡ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠣᠭᠰᠠᠨ ᠪᠤᠢ︖      14. ᠪᠠᠴᠢᠮ ᠪᠠᠶᠢᠳᠠᠯ  ᠢ ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ      ᠪᠦᠬᠦ ᠲᠠᠯ᠎ᠠ ᠶᠢᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠬᠥᠬᠡᠬᠤᠲᠠ ᠶᠢᠨ ︽ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠵᠦᠭᠯᠡᠭᠦᠷ︾ ︽ᠣᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠡᠯᠡᠳᠬᠡᠮᠵᠢ ᠲᠥᠬᠦᠭᠡᠷᠦᠮᠵᠢ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠮᠳᠠᠭᠤᠯᠬᠤ ᠪᠠ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠣᠷᠴᠢᠨ ᠲᠣᠭᠤᠷᠢᠨ᠂ ᠬᠠᠮᠢᠶᠠᠷᠤᠯᠲᠠ ᠶᠢᠨ ᠬᠢᠷᠢ ᠲᠦᠪᠰᠢᠨ᠂ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠹᠦ᠋ ᠬᠠᠢ ᠰᠢᠩ᠂ ᠸᠠᠨ ᠬᠤᠶ᠂ ᠮᠧᠶ ᠲᠦᠩ᠂ ᠪᠦᠦ ᠴᠢᠤᠸᠠᠨ ᠵᠤᠸᠠᠩ ᠵᠡᠷᠭᠡ 4 ᠵᠢᠱᠢᠶ᠎ᠡ ᠦᠵᠡᠭᠦᠯᠬᠦ ᠴᠢᠨᠠᠷᠲᠠᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠮᠡᠳᠡᠭᠡ ᠵᠠᠩᠬᠢᠵᠢᠭᠰᠠᠨ ᠬᠠᠮᠢᠶᠠᠷᠤᠯᠲᠠ᠂ ᠬᠠᠲᠠᠭᠤ ᠲᠣᠨᠤᠭᠯᠠᠯ ᠤᠨ ᠥᠭᠡᠷᠡᠴᠢᠯᠡᠯᠲᠡ᠂ ᠢᠳᠡᠭᠡᠨ ᠢ ᠲᠦᠷᠭᠡᠨ ᠪᠠᠶᠢᠴᠠᠭᠠᠬᠤ ᠲᠠᠰᠤᠭ᠂ ᠠᠷᠢᠭᠤᠨ ᠴᠡᠪᠡᠷ ᠤᠨ ᠴᠡᠭᠴᠡᠯᠡᠨ ᠵᠠᠰᠠᠯᠲᠠ᠂ ᠳᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠤᠶᠤᠨᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ ᠣᠶᠤᠨᠲᠤ ᠡᠯᠧᠺᠲᠷᠣᠨ ᠵᠢᠩᠯᠡᠭᠦᠷ᠂ ᠬᠤᠳᠠᠯᠳᠤᠭᠠᠨ ᠤ ᠡᠷᠦᠬᠡ ᠶᠢᠨ ᠳᠡᠯᠭᠡᠴᠡ᠂ ᠬᠡᠷᠡᠮ ᠳᠡᠭᠡᠷ᠎ᠡ ᠡᠯᠬᠦᠬᠦ ᠲᠣᠮᠣ ᠬᠡᠯᠪᠡᠷᠢ ᠶᠢᠨ ᠳᠡᠯᠭᠡᠴᠡ ᠶᠢ ᠨᠡᠮᠡᠵᠦ ᠲᠣᠬᠢᠷᠠᠭᠤᠯᠤᠨ᠂  ᠬᠤᠳᠠᠯᠳᠤᠭᠠᠨ ᠤ ᠡᠷᠦᠬᠡ ᠵᠢᠴᠢ ᠢᠳᠡᠭᠡᠨ ᠤ ᠮᠡᠳᠡᠭᠡ ᠵᠠᠩᠭᠢ ᠶᠢ ᠢᠯᠡ ᠨᠡᠶᠢᠲᠡᠯᠡᠪᠡ᠂ ᠺᠣᠳ᠋ ᠰᠢᠷᠪᠢᠬᠦ ᠪᠠᠷ ᠳᠠᠮᠵᠢᠭᠤᠯᠤᠨ ᠢᠳᠡᠭᠡᠨ ᠤ ᠢᠷᠡᠯᠲᠡ ᠶᠢᠨ ᠮᠡᠳᠡᠭᠡ ᠵᠠᠩᠭᠢ ᠶᠢ ᠦᠵᠡᠵᠦ ᠪᠣᠯᠬᠤ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠦᠲᠦᠮᠵᠢᠲᠡᠶ ᠪᠡᠶᠡᠯᠡᠭᠦᠯᠪᠡ᠃ ᠣᠳᠣᠬᠠᠨ ᠳᠤ ᠵᠢᠯ ᠭᠠᠷᠤᠢ ᠶᠢᠨ ᠴᠢᠷᠮᠠᠶᠢᠯᠭ᠎ᠠ ᠪᠠᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠤᠨ ᠬᠠᠮᠲᠤ ᠶᠢᠨ ᠰᠢᠯᠭᠠᠨ ᠬᠤᠷᠢᠶᠠᠬᠤ ᠪᠠᠷ ᠳᠠᠮᠵᠢᠭᠤᠯᠤᠨ᠂ 2021 ᠣᠨ ᠤ ᠡᠴᠦᠰ ᠪᠣᠯᠬᠤ ᠳᠤ ᠪᠥᠬᠦ ᠬᠤᠲᠠ ᠶᠢᠨ 48 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ  ᠶᠢᠨ 14  ᠨᠢ ᠨᠢᠭᠡᠨᠲᠡ ᠪᠠᠷᠢᠮᠵᠢᠶ᠎ᠠ ᠳᠤ ᠨᠡᠶᠢᠴᠡᠵᠦ᠂ ᠡᠨᠡ ᠵᠢᠯ ᠡᠯ᠎ᠡ ᠲᠣᠭᠤᠷᠢᠭ ᠤᠨ ᠲᠠᠨᠢᠯᠴᠠᠭᠤᠯᠭ᠎ᠠ ᠪᠠᠷ ᠪᠤᠰᠤᠳ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠵᠠᠯᠭᠠᠪᠡᠷ ᠪᠡᠶᠡᠯᠡᠭᠦᠯᠵᠦ᠂ ᠵᠢᠷᠤᠮᠵᠢᠭᠰᠠᠨ ᠤᠶᠤᠨᠲᠤ ᠵᠠᠬ᠎ᠠ ᠳᠡᠯᠭᠡᠭᠦᠷ ᠳᠠᠰᠢ ᠤᠷᠤᠭᠰᠢᠯᠠᠬᠤ ᠪᠣᠯᠣᠨ᠎ᠠ᠃      ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠳᠣᠲᠣᠭᠠᠳᠤ ᠶᠢᠨ ᠪᠡᠯᠡᠳᠬᠡᠮᠵᠢ ᠲᠥᠬᠦᠭᠡᠷᠦᠮᠵᠢ ᠶᠢ ᠶᠡᠬᠡᠪᠡᠷ ᠥᠭᠡᠷᠡᠴᠢᠯᠡᠨ ᠳᠡᠭᠡᠭᠰᠢᠯᠡᠭᠦᠯᠵᠦ᠂ ᠲᠠᠸᠠᠷ ᠤᠨ ᠳᠡᠯᠭᠡᠯᠲᠡ ᠲᠡᠷᠢ ᠲᠡᠭᠰᠢ ᠪᠠᠶᠢᠵᠤ᠂ ᠦᠨ᠎ᠡ ᠬᠠᠩᠰᠢ ᠶᠢ ᠢᠯᠡ ᠲᠡᠮᠳᠡᠭᠯᠡᠵᠦ᠂ ᠬᠤᠳᠠᠯᠳᠤᠭᠠᠨ ᠤ ᠡᠷᠦᠬᠡ ᠪᠣᠯᠪᠠᠰᠤᠨ ᠬᠡᠯᠡᠯᠭᠡ ᠬᠡᠷᠡᠭᠯᠡᠵᠦ᠂ ᠡᠮᠦᠰᠬᠡᠯ ᠵᠠᠰᠠᠯ ᠵᠢᠷᠤᠮᠵᠢᠯ ᠲᠠᠢ ᠪᠠᠶᠢᠵᠤ᠂ ᠵᠠᠬ᠎ᠠ ᠳᠡᠯᠭᠡᠭᠦᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ︽ᠪᠤᠵᠠᠷ᠂ ᠡᠷᠦᠢ ᠬᠤᠷᠤᠢ ᠦᠭᠡᠢ᠂ ᠮᠠᠭᠤ︾ ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠵᠤ᠂ ᠠᠷᠠᠳ ᠤᠯᠠᠨ ᠤ ᠴᠢᠨᠠᠷ ᠰᠠᠶᠢᠲᠠᠢ ᠬᠡᠷᠡᠭᠯᠡᠭᠡᠨ ᠤ ᠬᠡᠷᠡᠭᠴᠡᠭᠡ ᠶᠢ ᠡᠳᠦᠷ ᠢᠷᠡᠬᠦᠶ᠎ᠡ ᠬᠠᠩᠭᠠᠵᠤ ᠪᠠᠶᠢᠨ᠎ᠠ᠃      15. ᠬᠥᠲᠥᠯᠥᠭᠴᠢ      ᠰᠠᠶ᠋ᠢᠬᠠᠨ ᠹᠧᠩ ᠰᠦ᠋ ᠵᠧᠨ ᠡᠷᠬᠢᠯᠡᠭᠴᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠤᠬᠠᠢ ᠶᠠᠷᠢᠯ᠎ᠠ᠂ ᠪᠢ ᠣᠨᠴᠠᠭᠠᠶᠢᠯᠠᠨ ᠠᠩᠬᠠᠷᠤᠭᠰᠠᠨ ᠨᠢ ᠦᠨ᠎ᠡ ᠶᠢ ᠢᠯᠡ ᠬᠠᠳᠠᠬᠤ ᠨᠢ ᠴᠦ ᠮᠠᠨ ᠤ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠨᠡᠯᠢᠶᠡᠳ ᠠᠩᠬᠠᠷᠴᠤ  ᠪᠠᠶᠢᠭ᠎ᠠ ᠵᠦᠢᠯ ᠶᠤᠮ ᠪᠠᠶᠢᠨ᠎ᠠ᠂ ᠲᠡᠭᠡᠪᠡᠯ ᠵᠠᠯᠭᠠᠭᠠᠳ ᠦᠨ᠎ᠡ ᠬᠠᠩᠰᠢ ᠶᠢ ᠢᠯᠡ ᠬᠠᠳᠠᠬᠤ ᠲᠤᠬᠠᠢ ᠠᠭᠤᠯᠭ᠎ᠠ ᠶᠢ ᠪᠣᠳᠠᠲᠠᠢ ᠲᠠᠶᠢᠯᠪᠤᠷᠢᠯᠠᠭᠠᠳ ᠥᠭᠭᠦᠨ᠎ᠡ  ᠤᠤ      16. ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠶᠢᠨ ᠯᠢ ᠵᠧ      ᠦᠨ᠎ᠡ ᠬᠠᠩᠰᠢ ᠶᠢ ᠢᠯᠡ ᠬᠠᠳᠠᠬᠤ ᠶᠢᠨ ᠪᠣᠳᠠᠲᠠᠢ ᠠᠭᠤᠯᠭ᠎ᠠ ᠭᠡᠪᠡᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 2000 ᠣᠨ ᠤ 10 ᠳ᠋ᠤᠭᠠᠷ ᠰᠠᠷ᠎ᠠ ᠶᠢᠨ 31 ᠤ ᠡᠳᠦᠷ ᠨᠡᠶᠢᠲᠡᠯᠡᠨ ᠬᠡᠷᠡᠭᠵᠢᠭᠦᠯᠦᠭᠰᠡᠨ ︽ᠲᠠᠸᠠᠷ ᠪᠠ ᠦᠢᠯᠡᠴᠢᠯᠡᠭᠡ ᠳᠤ ᠦᠨ᠎ᠡ ᠬᠠᠩᠰᠢ ᠶᠢ ᠢᠯᠡ ᠬᠠᠳᠠᠬᠤ ᠶᠢ ᠬᠡᠷᠡᠭᠵᠢᠭᠦᠯᠬᠦ ᠲᠤᠬᠠᠢ ᠲᠣᠭᠲᠠᠭᠠᠯ︾ ᠢ ᠦᠨᠳᠦᠰᠦᠯᠡᠨ ᠲᠣᠭᠲᠠᠭᠠᠭᠰᠠᠨ ᠶᠤᠮ᠃ ᠡᠭᠦᠨ ᠳᠤ ᠡᠯ᠎ᠡ ᠵᠦᠢᠯ ᠤᠨ ᠲᠠᠸᠠᠷ  ᠦᠢᠯᠡᠴᠢᠯᠡᠭᠡᠨ ᠳᠤ ᠦᠨ᠎ᠡ ᠬᠠᠳᠠᠬᠤ ᠳᠦᠷᠢᠮᠵᠢᠯ ᠢ ᠲᠣᠭᠲᠠᠭᠠᠵᠠᠢ᠂ ᠣᠳᠣ ᠪᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠡᠷᠡᠭᠯᠡᠭᠴᠢᠳ ᠲᠤ ᠲᠣᠬᠢᠶᠠᠯᠳᠤᠬᠤ ᠪᠠᠶᠢᠳᠠᠯ ᠢ ᠲᠠᠨᠢᠯᠴᠠᠭᠤᠯᠤᠶ᠎ᠠ᠂ ᠲᠤᠭᠲᠠᠭᠠᠯ ᠳᠤ ᠦᠨ᠎ᠡ ᠬᠠᠩᠰᠢ ᠶᠢ ᠢᠯᠡ ᠬᠠᠳᠠᠬᠤ ᠳᠤ ᠦᠨ᠎ᠡ ᠶᠢᠨ ᠲᠡᠮᠳᠡᠭ ᠪᠠ ᠦᠨ᠎ᠡ ᠶᠢᠨ ᠭᠠᠷᠴᠠᠭ ᠨᠢ ᠪᠦᠷᠢᠨ ᠭᠦᠢᠴᠡᠳ᠂ ᠦᠨ᠎ᠡ ᠬᠠᠳᠠᠭᠰᠠᠨ ᠠᠭᠤᠯᠭ᠎ᠠ ᠨᠢ ᠦᠨᠡᠨ ᠲᠣᠳᠣᠷᠬᠠᠢ᠂ ᠦᠰᠦᠭ ᠤᠨ ᠲᠢᠭ ᠲᠣᠳᠣᠷᠬᠠᠢ᠂ ᠪᠠᠷᠠᠭᠠᠨ ᠤ ᠲᠡᠮᠳᠡᠭ ᠨᠢ ᠪᠠᠷᠠᠭ᠎ᠠ ᠶᠢᠨ ᠣᠷᠣᠨ ᠪᠠᠶᠢᠷᠢ ᠲᠠᠢ ᠲᠣᠬᠢᠷᠠᠯᠴᠠᠵᠤ᠂ ᠢᠯᠡᠳᠬᠡᠭᠰᠡᠨ ᠨᠢ ᠢᠯᠡᠬᠡᠨ ᠪᠠᠶᠢᠬᠤ ᠬᠡᠷᠡᠭᠲᠡᠢ ᠭᠡᠵᠦ ᠱᠠᠭᠠᠷᠳᠠᠵᠠᠢ᠃ ᠦᠨ᠎ᠡ ᠬᠠᠩᠰᠢ ᠬᠤᠪᠢᠷᠠᠬᠤ ᠦᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠵᠢᠵᠢᠭᠯᠡᠨ ᠪᠣᠷᠤᠯᠠᠭᠤᠯᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ᠂ ᠲᠠᠸᠠᠷ ᠤᠨ ᠦᠨ᠎ᠡ ᠶᠢᠨ ᠱᠣᠰᠢᠭ᠎ᠠ ᠳᠤ ᠲᠠᠸᠠᠷ ᠤᠨ ᠨᠡᠷ᠎ᠡ᠂ ᠦᠢᠯᠡᠳᠪᠦᠷᠢᠯᠡᠭᠰᠡᠨ ᠭᠠᠵᠠᠷ᠂ ᠦᠨ᠎ᠡ ᠪᠤᠳᠤᠬᠤ ᠨᠢᠭᠡᠴᠢ᠂ ᠵᠢᠵᠢᠭᠯᠡᠨ ᠬᠤᠳᠠᠯᠳᠤᠬᠤ ᠦᠨ᠎ᠡ ᠵᠡᠷᠭᠡ ᠭᠤᠣᠯ ᠠᠭᠤᠯᠭ᠎ᠠ ᠶᠢ ᠲᠣᠳᠣᠷᠬᠠᠢ ᠪᠢᠴᠢᠬᠦ ᠬᠡᠷᠡᠭᠲᠡᠢ᠂ ᠬᠡᠪ ᠪᠠᠷᠢᠮᠵᠢᠶ᠎ᠠ᠂ ᠵᠡᠷᠭᠡ ᠳᠡᠰ᠂ ᠶᠠᠰᠤ ᠴᠢᠨᠠᠷ ᠵᠡᠷᠭᠡ ᠳᠤ ᠱᠠᠭᠠᠷᠳᠠᠯᠭ᠎ᠠ ᠲᠠᠢ ᠪᠠᠶᠢᠪᠠᠯ᠂ ᠪᠠᠰᠠ ᠬᠡᠪ ᠪᠠᠷᠢᠮᠵᠢᠶ᠎ᠠ᠂ ᠵᠡᠷᠭᠡ ᠳᠡᠰ᠂ ᠶᠠᠰᠤ ᠴᠢᠨᠠᠷ ᠵᠡᠷᠭᠡ ᠵᠦᠢᠯᠡᠰ ᠢ ᠲᠣᠳᠣᠷᠬᠠᠢ ᠪᠢᠴᠢᠬᠦ ᠬᠡᠷᠡᠭᠲᠡᠢ᠃ ᠵᠠᠳᠠᠭᠠᠢ ᠯᠠᠩᠭᠦᠢ᠂ ᠠᠦ᠋ᠲ᠋ᠣ᠋ ᠪᠠᠷᠠᠭ᠎ᠠ ᠬᠤᠳᠠᠯᠳᠤᠬᠤ ᠮᠠᠰᠢᠨ᠂ ᠥᠪᠡᠰᠦᠪᠡᠨ ᠰᠣᠩᠭᠤᠬᠤ ᠵᠠᠬ᠎ᠠ ᠳᠡᠯᠭᠡᠭᠦᠷ ᠵᠡᠷᠭᠡ ᠥᠪᠡᠰᠦᠪᠡᠨ ᠰᠣᠩᠭᠤᠬᠤ ᠠᠷᠭ᠎ᠠ ᠮᠠᠶ᠋ᠢᠭ ᠢᠶᠠᠷ ᠪᠠᠷᠠᠭ᠎ᠠ ᠬᠤᠳᠠᠯᠳᠤᠬᠤ ᠳᠤ᠂ ᠡᠵᠡᠩᠨᠡᠭᠴᠢ ᠳ᠋ᠤᠭᠠᠷᠯᠠᠬᠤ ᠮᠠᠰᠢᠨ ᠢᠶᠠᠷ ᠲᠠᠸᠠᠷ ᠪᠤᠶᠤ ᠪᠣᠭᠤᠳᠠᠯ ᠳᠡᠭᠡᠷ᠎ᠡ ᠨᠢ ᠦᠨ᠎ᠡ ᠬᠠᠩᠰᠢ ᠶᠢᠨ ᠱᠣᠰᠢᠭ᠎ᠠ ᠨᠠᠭᠠᠬᠤ ᠶᠢᠨ ᠬᠠᠮᠲᠤ ᠲᠥᠷᠥᠯ ᠵᠦᠢᠯ ᠬᠤᠪᠢᠶᠠᠨ ᠲᠠᠸᠠᠷ ᠤᠨ ᠬᠤᠷᠭᠤ ︵ᠲᠠᠯᠪᠢᠭᠤᠷ︶ ᠳᠡᠭᠡᠷ᠎ᠡ ᠳᠡᠭᠡᠷ᠎ᠡ ᠳᠤᠷᠠᠳᠤᠭᠰᠠᠨ ᠲᠣᠭᠲᠠᠭᠠᠯ ᠢᠶᠠᠷ ᠦᠨ᠎ᠡ ᠬᠠᠩᠰᠢ ᠶᠢ ᠨᠢ ᠢᠯᠡ ᠬᠠᠳᠠᠬᠤ ᠬᠡᠷᠡᠭᠲᠡᠢ᠃ ᠦᠢᠯᠡᠴᠢᠯᠡᠭᠡ ᠬᠠᠩᠭᠠᠬᠤ ᠡᠵᠡᠩᠨᠡᠭᠴᠢ ᠡᠵᠡᠩᠨᠡᠯᠲᠡ ᠶᠢᠨ ᠲᠠᠯᠠᠪᠤᠷ ᠭᠠᠵᠠᠷ ᠪᠤᠶᠤ ᠳᠠᠩᠰᠠ ᠪᠤᠳᠤᠬᠤ ᠭᠠᠵᠠᠷ ᠤᠨ ᠢᠯᠡ ᠭᠠᠵᠠᠷ ᠲᠤ ᠦᠢᠯᠡᠴᠢᠯᠡᠭᠡᠨ ᠤ ᠵᠦᠢᠯᠡᠰ᠂ ᠦᠢᠯᠡᠴᠢᠯᠡᠭᠡᠨ ᠤ ᠠᠭᠤᠯᠭ᠎ᠠ᠂ ᠵᠡᠷᠭᠡ ᠳᠡᠰ ᠪᠤᠶᠤ ᠬᠡᠪ ᠪᠠᠷᠢᠮᠵᠢᠶ᠎ᠠ᠂ ᠦᠢᠯᠡᠴᠢᠯᠡᠭᠡᠨ ᠤ ᠦᠨ᠎ᠡ ᠵᠡᠷᠭᠡ ᠶᠢ ᠨᠡᠶᠢᠲᠡᠯᠡᠬᠦ ᠬᠡᠷᠡᠭᠲᠡᠢ᠃ ᠡᠵᠡᠩᠨᠡᠭᠴᠢ ᠦᠨ᠎ᠡ ᠨᠤᠭᠤᠯᠬᠤ᠂ ᠦᠨ᠎ᠡ ᠪᠠᠭᠤᠷᠠᠭᠤᠯᠬᠤ ᠳᠠᠭᠠᠨ ᠲᠡᠮᠳᠡᠭ ᠬᠠᠳᠠᠬᠤ ᠪᠣᠶᠣ ᠬᠡᠷᠡᠭᠯᠡᠭᠴᠢᠳ ᠤᠨ ᠲᠠᠨᠢᠨ ᠮᠡᠳᠡᠬᠦ ᠳᠤ ᠳᠥᠭᠦᠮ ᠪᠤᠰᠤᠳ ᠠᠷᠭ᠎ᠠ ᠬᠡᠯᠪᠡᠷᠢ ᠪᠠᠷ ᠦᠨ᠎ᠡ ᠨᠤᠭᠤᠯᠬᠤ᠂ ᠦᠨ᠎ᠡ ᠪᠠᠭᠤᠷᠠᠭᠤᠯᠬᠤ ᠶᠢᠨ  ᠰᠠᠭᠤᠷᠢ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢ ᠦᠨ᠎ᠡ ᠬᠠᠩᠰᠢ ᠪᠠᠷ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠤ ᠨᠡᠮᠡᠯᠲᠡ ᠨᠥᠬᠦᠴᠡᠯ ᠲᠠᠢ ᠪᠠᠶᠢᠪᠠᠯ᠂ ᠨᠥᠬᠦᠴᠡᠯ ᠢ ᠨᠢ ᠢᠯᠡᠳᠲᠡ ᠲᠣᠳᠣᠷᠬᠠᠶᠢᠯᠠᠬᠤ ᠬᠡᠷᠡᠭᠲᠡᠢ᠃ ᠡᠵᠡᠩᠨᠡᠭᠴᠢ ᠬᠤᠭᠤᠴᠠᠭ᠎ᠠ ᠬᠢᠵᠠᠭᠠᠷᠯᠠᠨ ᠦᠨ᠎ᠡ ᠪᠠᠭᠤᠷᠠᠭᠤᠯᠬᠤ᠂ ᠦᠨ᠎ᠡ ᠨᠤᠭᠤᠯᠤᠨ ᠪᠤᠳᠤᠬᠤ ᠵᠡᠷᠭᠡ ᠦᠨ᠎ᠡ ᠬᠠᠩᠰᠢ ᠪᠠᠷ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠡᠭᠡᠨ ᠬᠤᠭᠤᠴᠠᠭ᠎ᠠ ᠶᠢ ᠨᠢ ᠢᠯᠡᠬᠡᠨ ᠲᠣᠳᠣᠷᠬᠠᠶᠢᠯᠠᠬᠤ ᠬᠡᠷᠡᠭᠲᠡᠢ᠃ ᠬᠡᠷᠪᠡ ᠡᠵᠡᠩᠨᠡᠭᠴᠢ ᠤᠤᠯ ᠦᠨ᠎ᠡ  ᠶᠢ ᠬᠠᠭᠤᠷᠮᠠᠭ ᠢᠶᠠᠷ ᠲᠡᠮᠳᠡᠭᠯᠡᠪᠡᠯ ᠦᠨ᠎ᠡ ᠬᠠᠩᠰᠢ ᠶᠢᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠣᠯᠣᠨ᠎ᠠ᠃ ᠪᠢ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠳᠤ ᠦᠨ᠎ᠡ ᠬᠠᠲᠠᠬᠤ ᠪᠠᠷ ᠵᠢᠱᠢᠶ᠎ᠡ ᠲᠠᠲᠠᠶ᠎ᠠ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠠᠸᠠᠷ ᠤᠨ ᠭᠡᠷ ᠪᠠᠶᠢᠰᠢᠩ ᠡᠵᠡᠩᠨᠡᠭᠴᠢ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠭᠠᠵᠠᠷ ᠲᠤ ᠦᠨ᠎ᠡ ᠶᠢᠨ ᠫᠠᠶᠢᠰᠠ᠂ ᠦᠨ᠎ᠡ ᠬᠠᠩᠰᠢ ᠶᠢᠨ ᠬᠦᠰᠦᠨᠦᠭᠲᠦ ᠪᠤᠶᠤ ᠦᠨ᠎ᠡ ᠬᠠᠩᠰᠢ ᠶᠢᠨ ᠭᠠᠷ ᠳᠡᠪᠲᠡᠷ ᠲᠠᠯᠪᠢᠬᠤ ᠬᠡᠷᠡᠭᠲᠡᠢ᠂ ᠡᠭᠦᠨ ᠤ   ᠵᠡᠷᠭᠡᠪᠡᠷ ᠢᠨᠲ᠋ᠧᠷ ᠰᠦᠯᠵᠢᠶ᠎ᠡ ᠪᠠᠷ ᠯᠠᠪᠯᠠᠬᠤ᠂ ᠣᠯᠠᠨ ᠵᠠᠭᠤᠴᠢᠯᠠᠭᠤᠷ ᠤᠨ ᠦᠵᠦᠭᠦᠷ ᠢᠶᠠᠷ ᠯᠠᠪᠯᠠᠬᠤ᠂ ᠡᠯᠧᠺᠲᠷᠣᠨ ᠮᠡᠳᠡᠭᠡ ᠵᠠᠩᠭᠢ ᠶᠢᠨ ᠳᠡᠯᠭᠡᠴᠡ ᠵᠡᠷᠭᠡ ᠠᠷᠭ᠎ᠠ ᠮᠠᠶ᠋ᠢᠭ ᠢᠶᠠᠷ  ᠦᠨ᠎ᠡ ᠶᠢ ᠢᠯᠡ ᠬᠠᠳᠠᠵᠤ ᠪᠣᠯᠣᠨ᠎ᠠ᠃ ᠳᠡᠭᠡᠷ᠎ᠡ ᠳᠤᠷᠠᠳᠤᠭᠰᠠᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠦᠨ᠎ᠡ ᠬᠠᠩᠰᠢ ᠶᠢ ᠢᠯᠡ  ᠬᠠᠳᠠᠬᠤ ᠳᠤ ᠦᠨ᠎ᠡ ᠶᠢᠨ ᠠᠭᠤᠯᠭ᠎ᠠ ᠨᠢ ᠨᠢᠭᠡᠳᠦᠯᠲᠡᠢ ᠪᠠᠶᠢᠵᠤ᠂ ᠦᠨ᠎ᠡ ᠬᠠᠩᠰᠢ ᠨᠢ ᠪᠦᠷᠢᠨ ᠭᠦᠢᠴᠡᠳ᠂ ᠬᠠᠲᠠᠭᠰᠠᠨ ᠠᠭᠤᠯᠭ᠎ᠠ ᠨᠢ ᠦᠨᠡᠨ ᠪᠣᠳᠠᠲᠠᠢ ᠪᠥᠭᠡᠳ ᠲᠣᠳᠣᠷᠬᠠᠢ᠂ ᠦᠰᠦᠭ ᠤᠨ ᠲᠢᠭ ᠨᠢ ᠲᠣᠳᠣᠷᠬᠠᠢ᠂ ᠢᠯᠡ ᠲᠣᠳᠣ ᠢᠯᠡᠳᠬᠡᠬᠦ ᠬᠡᠷᠡᠭᠲᠡᠢ᠃      ᠡᠵᠡᠩᠨᠡᠭᠴᠢ ᠠᠷᠠᠯᠵᠢᠶᠠᠨ ᠤ ᠲᠠᠯᠠᠪᠤᠷ ᠭᠠᠵᠠᠷ ᠤᠨ ᠢᠯᠡ ᠭᠠᠵᠠᠷ ᠲᠤ ᠦᠨ᠎ᠡ ᠶᠢᠨ ᠫᠠᠶᠢᠰᠠ ᠡᠯᠭᠦᠵᠦ᠂ ᠲᠠᠸᠠᠷ ᠤᠨ ᠭᠡᠷ ᠪᠠᠶᠢᠰᠢᠩ ᠤᠨ ᠦᠨ᠎ᠡ ᠬᠠᠩᠰᠢ ᠯᠤᠭ᠎ᠠ ᠬᠤᠯᠪᠣᠭᠳᠠᠬᠤ ᠳᠣᠣᠷᠠᠬᠢ ᠠᠭᠤᠯᠭ᠎ᠠ ᠶᠢ ᠲᠣᠳᠣᠷᠬᠠᠢ ᠢᠯᠡᠳᠬᠡᠬᠦ ᠬᠡᠷᠡᠭᠲᠡᠢ᠄ ︵ᠨᠢᠭᠡ︶ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠨᠡᠷᠡᠶᠢᠳᠦᠯ᠂ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠣᠢ ᠶᠢᠨ ᠰᠢᠨᠵᠢ ᠴᠢᠨᠠᠷ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠡᠬᠢᠯᠡᠵᠦ ᠳᠠᠭᠤᠰᠬᠤ ᠵᠢᠯ ᠬᠤᠭᠤᠴᠠᠭ᠎ᠠ᠂ ᠠᠰᠠᠷ ᠤᠨ ᠨᠡᠷᠡᠶᠢᠳᠦᠯ᠂ ᠣᠷᠣᠨ ᠪᠠᠶᠢᠷᠢ ᠂ ᠪᠠᠭᠲᠠᠭᠠᠮᠵᠢ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠨᠣᠷᠮ᠎ᠠ᠂ ᠲᠡᠷᠭᠡᠨ ᠵᠣᠭᠰᠣᠭᠠᠯ ᠤᠨ ᠲᠣᠬᠢᠷᠠᠭᠤᠯᠤᠯᠲᠠ ᠶᠢᠨ ᠨᠤᠷᠮ᠎ᠠ᠃ ︵ᠬᠤᠶᠠᠷ︶ ᠠᠰᠠᠷ ᠤᠨ ᠪᠠᠷᠢᠯᠭ᠎ᠠ ᠶᠢᠨ ᠪᠦᠲᠦᠴᠡ᠂ ᠵᠠᠰᠠᠵᠤ ᠴᠢᠮᠡᠭᠯᠡᠭᠰᠡᠨ ᠪᠠᠶᠢᠳᠠᠯ ᠵᠢᠴᠢ ᠤᠰᠤ᠂ ᠴᠠᠬᠢᠯᠭᠠᠨ᠂ ᠰᠢᠲᠠᠮᠠᠬᠠᠢ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ᠃ ︵ᠭᠤᠷᠪᠠ︶ ᠲᠤᠰ ᠬᠤᠭᠤᠴᠠᠭᠠᠨ ᠳᠤ ᠪᠣᠷᠣᠯᠠᠭᠤᠯᠬᠤ ᠭᠡᠷ ᠪᠠᠶᠢᠰᠢᠩ ᠤᠨ ᠪᠠᠶᠢᠳᠠᠯ ᠵᠢᠴᠢ ᠭᠡᠷ ᠪᠠᠶᠢᠰᠢᠩ ᠨᠢᠭᠡᠪᠦᠷᠢ ᠶᠢᠨ ᠪᠣᠷᠣᠯᠠᠭᠤᠯᠤᠭᠰᠠᠨ ᠪᠠᠶᠢᠳᠠᠯ᠂ ᠭᠡᠷ ᠤᠨ ᠨᠣᠮᠧᠷ᠂  ᠳᠠᠪᠬᠤᠷᠭ᠎ᠠ᠂ ᠭᠡᠷ ᠤᠨ ᠬᠡᠯᠪᠡᠷᠢ᠂ ᠳᠠᠪᠬᠤᠷᠭ᠎ᠠ ᠶᠢᠨ ᠥᠨᠳᠥᠷ᠂ ᠪᠠᠷᠢᠯᠭ᠎ᠠ ᠶᠢᠨ ᠲᠠᠯᠠᠪᠠᠢ᠂ ᠭᠡᠷ ᠤᠨ ᠳᠣᠲᠣᠷᠠᠬᠢ ᠪᠠᠷᠢᠯᠭ᠎ᠠ ᠶᠢᠨ ᠲᠠᠯᠠᠪᠠᠢ ᠪᠣᠯᠣᠨ ᠬᠤᠪᠢᠶᠠᠨ ᠳᠠᠭᠠᠭᠠᠬᠤ ᠬᠠᠮᠲᠤ ᠶᠢᠨ ᠪᠠᠷᠢᠯᠭ᠎ᠠ ᠶᠢᠨ ᠲᠠᠯᠠᠪᠠᠢ᠂ ᠲᠡᠭᠰᠢ ᠳᠥᠷᠪᠡᠯᠵᠢᠨ ᠮᠧᠲᠷ ᠪᠦᠷᠢ ᠶᠢᠨ ᠨᠢᠭᠡᠴᠢ ᠦᠨ᠎ᠡ᠂ ᠢᠵᠢ ᠪᠦᠷᠢ ᠶᠢᠨ ᠪᠣᠷᠤᠯᠠᠭᠤᠯᠤᠯᠲᠠ ᠶᠢᠨ ᠶᠡᠷᠦᠩᠬᠡᠢ ᠦᠨ᠎ᠡ᠃ ︵ᠳᠥᠷᠪᠡ︶ ᠲᠠᠸᠠᠷ ᠤᠨ ᠭᠡᠷ ᠪᠠᠶᠢᠰᠢᠩ ᠬᠢᠮᠳᠠᠷᠠᠯ ᠲᠠᠢ ᠪᠣᠯ ᠬᠢᠮᠳᠠᠷᠠᠯ ᠤᠨ ᠬᠡᠮᠵᠢᠶ᠎ᠡ ᠪᠠ ᠬᠢᠮᠳᠠᠷᠠᠯ ᠢ ᠬᠦᠷᠳᠡᠬᠦ ᠨᠥᠬᠦᠴᠡᠯ ᠢ ᠢᠯᠡᠷᠬᠡᠶᠢᠯᠡᠬᠦ ᠬᠡᠷᠡᠭᠲᠡᠢ᠃ ︵ᠲᠠᠪᠤ︶ ᠭᠠᠵᠠᠷ ᠳᠣᠣᠷᠠᠬᠢ ᠲᠡᠷᠭᠡᠨ ᠵᠣᠭᠰᠤᠭᠠᠯ  ᠪᠣᠷᠤᠯᠠᠭᠤᠯᠬᠤ ᠳᠤ ᠲᠡᠷᠭᠡᠨ ᠵᠣᠭᠰᠤᠭᠠᠯ ᠤᠨ ᠪᠠᠶᠢᠷᠢ ᠪᠤᠶᠤ ᠲᠡᠷᠭᠡᠨ ᠬᠥᠮᠥᠷᠭᠡ ᠶᠢᠨ ᠲᠠᠯᠠᠪᠠᠢ ᠪᠣᠯᠣᠨ  ᠪᠣᠷᠤᠯᠠᠭᠤᠯᠤᠯᠲᠠ ᠶᠢᠨ ᠶᠡᠷᠦᠩᠬᠡᠢ ᠦᠨ᠎ᠡ ᠶᠢ ᠲᠣᠳᠣᠷᠬᠠᠶᠢᠯᠠᠬᠤ ᠬᠡᠷᠡᠭᠲᠡᠢ᠃      ᠲᠠᠸᠠᠷ ᠤᠨ ᠭᠡᠷ ᠪᠠᠶᠢᠰᠢᠩ ᠡᠵᠡᠩᠨᠡᠭᠴᠢ ᠭᠠᠷ ᠳᠡᠪᠲᠡᠷ ᠤᠨ ᠬᠡᠯᠪᠡᠷᠢ ᠪᠠᠷ ᠳᠣᠣᠷᠠᠬᠢ ᠠᠭᠤᠯᠭ᠎ᠠ ᠶᠢ ᠲᠣᠳᠣᠷᠬᠠᠢ ᠢᠯᠡᠷᠬᠡᠶᠢᠯᠡᠬᠦ ᠬᠡᠷᠡᠭᠲᠡᠢ᠃ ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠭᠠᠵᠠᠷ ᠬᠡᠷᠡᠭᠯᠡᠬᠦ᠂ ᠲᠦᠯᠦᠪᠵᠢᠬᠦᠯᠬᠦ᠂ ᠭᠠᠵᠠᠷ ᠰᠢᠷᠣᠢ ᠬᠡᠷᠡᠭᠯᠡᠬᠦ᠂ ᠪᠠᠷᠢᠯᠭ᠎ᠠ ᠪᠠᠷᠢᠬᠤ᠂ ᠲᠠᠸᠠᠷ ᠤᠨ ᠭᠡᠷ ᠪᠠᠶᠢᠰᠢᠩ ᠢ ᠪᠣᠷᠣᠯᠠᠭᠤᠯᠬᠤ ᠵᠡᠷᠭᠡ ᠶᠢ ᠵᠦᠪᠰᠢᠶᠡᠷᠡᠭᠰᠡᠨ ᠵᠥᠪᠰᠢᠶᠡᠷᠡᠯ ᠤᠨ ᠪᠢᠴᠢᠭ ᠤᠨ ᠳ᠋ᠤᠭᠠᠷ ᠪᠠ ᠵᠥᠪᠰᠢᠶᠡᠷᠡᠭᠰᠡᠨ ᠡᠳᠦᠷ ᠬᠤᠭᠤᠴᠠᠭ᠎ᠠ᠃ ︵ᠬᠤᠶᠠᠷ︶ ᠲᠠᠸᠠᠷ ᠤᠨ ᠭᠡᠷ ᠪᠠᠶᠢᠰᠢᠩ ᠤᠨ ᠠᠷᠠᠯᠵᠢᠶ᠎ᠠ ᠵᠢᠴᠢ ᠥᠮᠴᠢᠯᠡᠬᠦ ᠡᠷᠬᠡ ᠶᠢ ᠰᠢᠯᠵᠢᠭᠦᠯᠬᠦ ᠵᠡᠷᠭᠡ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠃ ᠣᠷᠣᠯᠠᠨ ᠬᠤᠷᠢᠶᠠᠬᠤ ᠣᠷᠣᠯᠠᠨ ᠭᠦᠢᠴᠡᠳᠬᠡᠬᠦ ᠰᠦᠢᠳᠬᠡᠯ ᠬᠤᠷᠢᠶᠠᠬᠤ ᠳᠠᠭᠠᠨ ᠬᠡᠷᠡᠭᠯᠡᠭᠴᠢᠳ ᠰᠠᠶᠢᠨ ᠳᠤᠷ᠎ᠠ ᠠᠴᠠ ᠪᠠᠨ ᠰᠣᠩᠭᠤᠨ᠎ᠠ ᠭᠡᠵᠦ ᠲᠣᠳᠣᠷᠬᠠᠶᠢᠯᠠᠬᠤ ᠬᠡᠷᠡᠭᠲᠡᠢ᠃ ︵ᠭᠤᠷᠪᠠ︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠬᠤ ᠦᠶ᠎ᠡ ᠳᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠢ ᠰᠣᠩᠭᠤᠨ ᠤᠷᠢᠭᠰᠠᠨ ᠪᠠᠶᠢᠪᠠᠯ᠂ ᠲᠠᠸᠠᠷ ᠤᠨ ᠭᠡᠷ ᠪᠠᠶᠢᠰᠢᠩ ᠤᠨ ᠡᠵᠡᠩᠨᠡᠭᠴᠢ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠨᠡᠷᠡᠶᠢᠳᠦᠯ᠂ ᠠᠳᠠᠯ ᠠᠬᠤᠢ ᠶᠢᠨ ᠦᠢᠯᠡᠴᠢᠯᠡᠭᠡᠨ ᠤ ᠠᠭᠤᠯᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠠᠮᠲᠤ ᠳᠤᠨᠢ ᠵᠠᠷᠯᠠᠨ ᠨᠡᠶᠢᠲᠡᠯᠡᠬᠦ ᠬᠡᠷᠡᠭᠲᠡᠢ᠃ ︵ᠳᠥᠷᠪᠡ︶ ᠮᠠᠰᠢᠨ ᠬᠦᠳᠡᠯᠭᠡᠭᠦᠷᠲᠦ ᠲᠡᠷᠭᠡ ᠵᠣᠭᠰᠤᠭᠠᠬᠤ ᠬᠠᠮᠢᠶᠠᠷᠤᠯᠲᠠ ᠶᠢᠨ ᠠᠷᠭ᠎ᠠ ᠪᠣᠯᠣᠨ ᠰᠦᠢᠳᠬᠡᠯ ᠬᠤᠷᠢᠶᠠᠬᠤ ᠪᠠᠷᠢᠮᠵᠢᠶ᠎ᠠ᠃       ᠬᠡᠷᠡᠭᠯᠡᠭᠴᠢᠳ ᠭᠡᠷ ᠬᠤᠳᠠᠯᠳᠤᠨ ᠠᠪᠬᠤ ᠳᠠᠭᠠᠨ ᠳᠣᠣᠷᠠᠬᠢ ᠬᠡᠳᠦᠨ ᠠᠰᠠᠭᠤᠳᠠᠯ ᠢ ᠠᠩᠬᠠᠷᠪᠠᠯ ᠵᠣᠬᠢᠨ᠎ᠠ᠄ ᠨᠢᠭᠡ ᠳᠤ ᠪᠣᠷᠣᠯᠠᠭᠤᠯᠤᠭᠴᠢ ᠶᠢᠨ ᠪᠡᠶ᠎ᠡ ᠶᠢᠨ ᠭᠠᠷᠤᠯ ᠢ ᠲᠣᠳᠣᠷᠬᠠᠢ ᠲᠠᠨᠢᠬᠤ ᠬᠡᠷᠡᠭᠲᠡᠢ᠂ ᠪᠢᠳᠡ ᠮᠠᠰᠢ ᠣᠯᠠᠨ ᠠᠳᠠᠯᠢᠪᠲᠤᠷ ᠵᠠᠭᠠᠯᠳᠤᠯᠭ᠎ᠠ ᠶᠢ ᠭᠥᠯᠢᠶᠡᠨ ᠠᠪᠴᠣ ᠥᠩᠭᠡᠷᠡᠪᠡ᠂ ᠬᠡᠷᠡᠭᠯᠡᠭᠴᠢᠳ ᠭᠡᠷ ᠬᠤᠳᠠᠯᠳᠤᠨ ᠠᠪᠬᠤ ᠳᠠᠭᠠᠨ ᠭᠡᠷ ᠬᠤᠳᠠᠯᠳᠤᠨ ᠠᠪᠬᠤ ᠵᠣᠭᠤᠰ ᠠᠴᠠ ᠭᠠᠳᠠᠨ᠎ᠠ ᠪᠠᠰᠠ ᠵᠠᠭᠤᠴᠢ ᠶᠢᠨ ᠦᠢᠯᠡᠴᠢᠯᠡᠭᠡᠨ ᠤ ᠰᠦᠢᠳᠬᠡᠯ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠰᠦᠢᠳᠬᠡᠯ ᠵᠡᠷᠭᠡ ᠶᠢ ᠢᠯᠡᠭᠦᠦ ᠬᠤᠷᠢᠶᠠᠵᠠᠢ᠃ ᠡᠨᠡ ᠪᠣᠯ ᠬᠡᠰᠡᠭ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠪᠣᠷᠣᠯᠠᠭᠤᠯᠬᠤ ᠶᠠᠪᠤᠴᠠ ᠳᠠᠭᠠᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠵᠠᠭᠤᠴᠢ ᠪᠠᠶᠢᠭᠤᠯᠤᠮᠵᠢ ᠣᠷᠣᠯᠠᠨ ᠪᠣᠷᠣᠯᠠᠭᠤᠯᠤᠭᠰᠠᠨ ᠠᠴᠠ ᠪᠣᠯᠤᠭᠰᠠᠨ ᠶᠤᠮ᠂ ᠵᠠᠭᠤᠴᠢ ᠪᠠᠶᠢᠭᠤᠯᠤᠮᠵᠢ ᠠᠴᠠ ᠭᠡᠷ ᠪᠠᠶᠢᠰᠢᠩ ᠬᠤᠳᠠᠯᠳᠤᠨ ᠠᠪᠤᠭᠴᠢ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠤᠭᠤᠷᠣᠨᠳᠤ ᠶᠢᠨ ᠦᠢᠯᠡᠴᠢᠯᠡᠭᠡ᠂ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠬᠤ ᠳᠤ ᠬᠥᠯᠥᠰᠦᠨ ᠮᠥᠩᠭᠦ ᠠᠪᠴᠤ ᠪᠣᠯᠣᠨ᠎ᠠ᠂ ᠭᠡᠪᠡᠴᠦ ᠵᠠᠭᠤᠴᠢ ᠪᠠᠶᠢᠭᠤᠯᠤᠮᠵᠢ ᠶᠢᠨ ᠠᠵᠢᠯᠲᠠᠨ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠳᠬᠡᠬᠦ ᠦᠭᠡᠢ ᠤᠴᠢᠷ ᠠᠴᠠ ᠭᠡᠷ ᠪᠠᠶᠢᠰᠢᠩ ᠬᠤᠳᠠᠯᠳᠤᠨ ᠠᠪᠤᠭᠴᠢ ᠨᠢ ᠭᠡᠷ ᠪᠠᠶᠢᠰᠢᠩ ᠬᠤᠳᠠᠯᠳᠤᠨ ᠠᠪᠬᠤ ᠳᠠᠭᠠᠨ ᠪᠣᠷᠣᠯᠠᠭᠤᠯᠤᠭᠴᠢ ᠨᠢ ᠵᠠᠭᠤᠴᠢ ᠪᠠᠶᠢᠭᠤᠯᠤᠮᠵᠢ ᠶᠢᠨ ᠠᠵᠢᠯᠲᠠᠨ ᠪᠣᠯᠬᠤ ᠶᠢ ᠲᠣᠳᠣᠷᠬᠠᠢ ᠮᠡᠳᠡᠬᠦ ᠦᠭᠡᠢ ᠪᠠᠶᠢᠵᠤ᠂ ᠬᠠᠮᠤᠭ ᠰᠡᠭᠦᠯ ᠳᠤ ᠭᠡᠷ ᠪᠠᠶᠢᠰᠢᠩ ᠤᠨ ᠵᠣᠭᠤᠰ ᠢᠶᠠᠨ ᠲᠤᠰᠢᠶᠠᠬᠤ ᠦᠶ᠎ᠡ ᠳᠤ ᠰᠠᠶ᠋ᠢ ᠵᠠᠭᠤᠴᠢ ᠪᠠᠶᠢᠭᠤᠯᠤᠮᠵᠢ ᠠᠴᠠ ᠦᠢᠯᠡᠴᠢᠯᠡᠭᠡᠨ ᠤ ᠰᠦᠢᠳᠬᠡᠯ ᠬᠤᠷᠢᠶᠠᠭᠰᠠᠨ ᠢ ᠣᠯᠵᠤ ᠮᠡᠳᠡᠳᠡᠭ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠺᠣᠮᠫᠠᠨᠢ ᠶᠢᠨ ᠪᠣᠷᠣᠯᠠᠭᠤᠯᠤᠭᠴᠢ ᠶᠤᠮ ᠤᠤ ᠵᠠᠭᠤᠴᠢ ᠪᠠᠶᠢᠭᠤᠯᠤᠮᠵᠢ ᠶᠢᠨ ᠪᠣᠷᠣᠯᠠᠭᠤᠯᠤᠭᠴᠢ ᠶᠤᠮ ᠤᠤ᠂ ᠵᠠᠭᠤᠴᠢ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠬᠡᠳᠦᠢ ᠪᠤᠶ ᠭᠡᠳᠡᠭ ᠢ ᠵᠠᠪᠠᠯ ᠲᠣᠳᠣᠷᠬᠠᠢ ᠠᠰᠠᠭᠤᠬᠤ ᠶᠢ ᠠᠳᠡ ᠪᠢᠳᠡ ᠬᠡᠷᠡᠭᠯᠡᠭᠴᠢᠳ ᠲᠤ ᠰᠠᠨᠠᠭᠤᠯᠵᠤ ᠪᠠᠶᠢᠨ᠎ᠠ᠃ ᠬᠤᠶᠠᠷ ᠲᠤ ᠭᠡᠷ᠎ᠡ ᠶᠢᠨ ᠠᠭᠤᠯᠭ᠎ᠠ ᠶᠢ ᠨᠠᠷᠢᠨ ᠬᠢᠨᠠᠮᠠᠭᠠᠢ ᠦᠵᠡᠵᠦ᠂ ᠶᠠᠭᠤᠨ ᠤ ᠡᠮᠦᠨ᠎ᠡ ᠬᠢᠮᠳᠠᠷᠠᠭᠤᠯᠬᠤ᠂ ᠪᠡᠯᠡᠨ ᠵᠣᠭᠤᠰ ᠢ ᠣᠷᠤᠯᠠᠭᠤᠯᠬᠤ ᠵᠡᠷᠭᠡ ᠦᠨ᠎ᠡ ᠬᠠᠩᠰᠢ ᠶᠢᠨ ᠲᠠᠯ᠎ᠠ ᠪᠠᠷ ᠬᠢ ᠠᠭᠤᠯᠭ᠎ᠠ ᠨᠢ ᠤᠬᠠᠭᠤᠯᠭ᠎ᠠ ᠶᠢᠨ ᠠᠭᠤᠯᠭ᠎ᠠ ᠲᠠᠢ ᠨᠢᠭᠡᠳᠦᠯᠲᠡᠢ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠂ ᠬᠡᠷᠪᠡ ᠨᠢᠭᠡᠳᠦᠯ ᠦᠭᠡᠢ ᠪᠣᠯ ᠬᠤᠳᠠᠯ ᠬᠠᠭᠤᠷᠮᠠᠭ ᠤᠬᠠᠭᠤᠯᠭ᠎ᠠ ᠳᠤ ᠲᠣᠭᠠᠴᠠᠭᠳᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠳᠤ ᠲᠣᠭᠠᠴᠠᠭᠳᠠᠬᠤ ᠦᠭᠡᠢ︔ ᠳᠠᠷᠠᠭ᠎ᠠ ᠳᠤᠨᠢ ᠠᠯᠪᠠᠳᠠᠯᠭ᠎ᠠ ᠪᠠᠷ ᠠᠷᠠᠯᠵᠢᠶᠠᠯᠠᠭᠰᠠᠨ ᠠᠭᠤᠯᠭ᠎ᠠ ᠪᠠᠶᠢᠬᠤ ᠡᠰᠡᠬᠦ ᠶᠢ ᠦᠵᠡᠬᠦ ᠲᠤᠬᠠᠢ ᠠᠭᠤᠯᠭ᠎ᠠ ᠪᠣᠯᠣᠨ᠎ᠠ᠂ ᠵᠢᠱᠢᠶᠡᠯᠡᠪᠡᠯ ᠭᠡᠷ ᠪᠠᠶᠢᠰᠢᠩ ᠬᠤᠳᠠᠯᠳᠤᠨ ᠠᠪᠬᠤ ᠳᠤ ᠡᠷᠬᠡᠪᠰᠢ ᠲᠡᠷᠭᠡᠨ ᠵᠣᠭᠰᠤᠭᠠᠯ ᠬᠤᠳᠠᠯᠳᠤᠨ ᠠᠪᠬᠤ ᠬᠡᠷᠡᠭᠲᠡᠢ ᠭᠡᠬᠦ ᠵᠡᠷᠭᠡ ᠨᠢ ᠠᠯᠪᠠᠳᠠᠯᠭ᠎ᠠ ᠪᠠᠷ ᠠᠷᠠᠯᠵᠢᠶᠠᠯᠠᠭᠰᠠᠨ ᠳᠤ ᠲᠣᠭᠠᠴᠠᠭᠳᠠᠨ᠎ᠠ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠠᠰᠠᠭᠤᠳᠠᠯ ᠳᠤ ᠲᠣᠭᠠᠴᠠᠭᠳᠠᠬᠤ ᠦᠭᠡᠢ᠃      17. ᠬᠥᠲᠥᠯᠥᠭᠴᠢ      ᠦᠨ᠎ᠡ ᠬᠠᠩᠰᠢ ᠶᠢᠨ ᠲᠠᠯ᠎ᠠ ᠪᠠᠷ ᠬᠡᠷᠡᠭᠯᠡᠭᠴᠢᠳ ᠤᠨ ᠡᠮᠦᠨ᠎ᠡ ᠠᠴᠠ ᠲᠠᠨ ᠠᠴᠠ ᠠᠰᠠᠭᠤᠬᠤ ᠪᠠᠰᠠ ᠨᠢᠭᠡ  ᠠᠰᠠᠭᠤᠯᠲᠠ ᠪᠠᠶᠢᠨ᠎ᠠ᠂ ᠳᠠᠷᠤᠢ ᠪᠠᠷᠠᠭᠠᠨ ᠤ ᠦᠨ᠎ᠡ ᠶᠢ ᠳᠦᠷᠬᠢᠯᠳᠦᠨ ᠥᠰᠬᠡᠬᠦ ᠲᠠᠯ᠎ᠠ ᠪᠠᠷ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠨᠡᠬᠦ ᠠᠰᠠᠭᠤᠳᠠᠯ ᠤᠨ ᠲᠤᠬᠠᠢ ᠶᠠᠮᠠᠷ ᠪᠣᠳᠠᠲᠠᠢ ᠲᠣᠭᠲᠠᠭᠠᠯ ᠭᠠᠷᠭᠠᠭᠰᠠᠨ ᠪᠤᠶ︖ ᠬᠡᠷᠡᠭᠯᠡᠭᠴᠢᠳ ᠬᠡᠷᠬᠢᠨ ᠢᠯᠭᠠᠨ ᠲᠠᠨᠢᠬᠤ ᠪᠤᠶ︖       18. ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠶᠢᠨ ᠯᠢ ᠵᠧ       ᠡᠨᠡ ᠰᠠᠶᠢᠨ ᠠᠰᠠᠭᠤᠯᠲᠠ ᠪᠠᠶᠢᠨ᠎ᠠ᠂ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ ᠠᠰᠠᠭᠤᠳᠠᠯ ᠢ ᠠᠷᠠᠳ ᠤᠯᠠᠨ ᠢᠶᠠᠷ ᠢᠶᠠᠨ ᠶᠡᠷᠦᠨᠢ ᠠᠩᠬᠠᠷᠤᠭᠰᠠᠭᠠᠷ ᠢᠷᠡᠪᠡ᠂ ᠡᠨᠡ ᠨᠢ ᠮᠥᠨ ᠴᠦ ᠪᠢᠳᠡᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠪᠣᠯᠤᠭᠰᠠᠭᠠᠷ ᠢᠷᠡᠭᠰᠡᠨ ᠶᠤᠮ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠢᠳᠡᠰᠢᠨ ᠨᠣᠭᠤᠭ᠎ᠠ ᠵᠡᠷᠭᠡ ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠶᠢ ᠳᠦᠷᠭᠢᠯᠳᠦᠨ ᠥᠰᠬᠡᠬᠦ ᠲᠤᠬᠠᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠣᠯᠠᠰᠢᠷᠠᠵᠤ᠂ ︽ᠦᠨ᠎ᠡ ᠬᠠᠩᠰᠢ ᠶᠢᠨ ᠬᠠᠤᠯᠢ︾᠂ ︽ᠵᠠᠰᠠᠭ ᠵᠠᠬᠢᠷᠭᠠᠨ ᠤ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠭᠲᠠᠭᠠᠭᠰᠠᠨ ᠢ ᠦᠨᠳᠦᠰᠦᠯᠡᠪᠡᠯ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠶᠢᠨ ᠭᠤᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠳᠣᠣᠷᠠᠬᠢ ᠮᠡᠲᠦ ᠬᠡᠳᠦᠨ ᠲᠠᠯ᠎ᠠ ᠪᠠᠶᠢᠳᠠᠭ᠄ ᠨᠢᠭᠡ ᠳᠤ ᠦᠨ᠎ᠡ ᠬᠠᠩᠰᠢ ᠦᠰᠦᠭᠰᠡᠨ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠵᠤ᠂ ᠲᠠᠷᠬᠠᠭᠠᠵᠤ ᠦᠨ᠎ᠡ ᠬᠠᠩᠰᠢ ᠶᠢ ᠶᠡᠬᠡᠪᠡᠷ ᠦᠰᠭᠡᠬᠦ᠂ ᠬᠤᠶᠠᠷ ᠲᠤ ᠦᠢᠯᠡᠳᠪᠦᠷᠢᠯᠡᠯ ᠤᠨ ᠥᠪᠡᠷ ᠤᠨ ᠦᠷᠳᠡᠭ ᠪᠤᠶᠤ ᠪᠠᠷᠠᠭ᠎ᠠ ᠣᠷᠣᠭᠤᠯᠬᠤ ᠥᠪᠡᠷ ᠤᠨ ᠦᠷᠳᠡᠭ ᠲᠤ ᠢᠯᠡᠳᠲᠡ ᠬᠤᠪᠢᠷᠠᠯᠲᠠ ᠭᠠᠷᠤᠭᠰᠠᠨ ᠦᠭᠡᠢ ᠪᠠᠶᠢᠳᠠᠯ ᠳᠤ ᠭᠡᠳᠤ ᠠᠰᠢᠭ ᠣᠯᠬᠤ ᠪᠠᠷ ᠵᠣᠷᠢᠯᠭ᠎ᠠ ᠪᠣᠯᠭᠠᠵᠤ᠂ ᠦᠨ᠎ᠡ ᠬᠠᠩᠰᠢ ᠶᠢ ᠶᠡᠬᠡᠪᠡᠷ ᠥᠰᠬᠡᠬᠦ᠃ ᠭᠤᠷᠪᠠ ᠳᠤ ᠵᠠᠷᠢᠮ ᠭᠠᠵᠠᠷ ᠣᠷᠣᠨ ᠪᠤᠶᠤ ᠠᠵᠢᠯ ᠲᠦᠷᠦᠯ ᠳᠤ ᠦᠨ᠎ᠡ ᠬᠠᠩᠰᠢ ᠶᠢ ᠲᠦᠷᠦᠭᠦᠯᠡᠨ ᠦᠰᠭᠡᠬᠦ᠃ ᠦᠨ᠎ᠡ ᠬᠠᠩᠰᠢ ᠶᠢ ᠲᠦᠷᠦᠭᠦᠯᠡᠨ ᠶᠡᠬᠡᠪᠡᠷ ᠥᠰᠬᠡᠬᠦ ᠶᠢᠨ ᠣᠨᠴᠠᠯᠢᠭ ᠭᠡᠪᠡᠯ᠂ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠭᠡᠳᠤ ᠥᠰᠦᠯᠲᠡ ᠶᠢ ᠲᠦᠷᠦᠭᠦᠯᠡᠨ ᠠᠬᠢᠭᠤᠯᠵᠤ᠂ ᠪᠤᠰᠤᠳ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠲᠠᠭᠠᠯᠳᠤᠨ ᠥᠰᠬᠦ ᠶᠢ ᠬᠥᠲᠥᠯᠥᠨ᠂ ᠦᠨ᠎ᠡ ᠬᠠᠩᠰᠢ ᠶᠡᠬᠡᠪᠡᠷ ᠥᠰᠬᠦ ᠳᠤ ᠬᠦᠷᠦᠭᠦᠯᠦᠨ᠎ᠡ᠃ ᠳᠥᠷᠪᠡ ᠳᠤ ᠪᠠᠷᠠᠭ᠎ᠠ ᠶᠢ  ᠶᠡᠬᠡᠪᠡᠷ ᠨᠦᠭᠡᠴᠡᠯᠡᠨ ᠳᠠᠷᠤᠬᠤ ᠠᠴᠠ ᠪᠣᠯᠵᠤ ᠲᠠᠸᠠᠷ ᠤᠨ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠤᠭᠠᠳ ᠦᠨ᠎ᠡ ᠬᠠᠩᠰᠢ ᠨᠢ ᠶᠡᠬᠡᠪᠡᠷ ᠦᠰᠬᠦ᠃ ᠦᠨ᠎ᠡ ᠬᠠᠩᠰᠢ ᠶᠢ ᠳᠦᠷᠭᠢᠯᠳᠦᠨ ᠥᠰᠬᠡᠬᠦ ᠠᠵᠢᠯᠯᠠᠭ᠎ᠠ  ᠪᠣᠯᠬᠤ ᠪᠣᠳᠠᠲᠠᠢ ᠦᠨ᠎ᠡ ᠥᠰᠬᠡᠬᠦ ᠪᠤᠶᠤ ᠦᠨ᠎ᠡ ᠥᠰᠬᠦ ᠳᠤ ᠬᠦᠷᠦᠭᠰᠡᠨ ᠬᠡᠮᠵᠢᠶ᠎ᠡ ᠶᠢ ᠮᠤᠵᠢ ᠶᠢᠨ ᠱᠠᠲᠤᠨ ᠤ ᠦᠨ᠎ᠡ ᠬᠠᠩᠰᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠳᠤᠷᠠᠳᠤᠨ ᠭᠠᠷᠭᠠᠬᠤ ᠶᠢᠨ ᠬᠠᠮᠲᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ ᠲᠤᠭᠲᠠᠭᠠᠨ᠎ᠠ᠃ ᠡᠨᠡ ᠵᠢᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠦᠨ᠎ᠡ ᠬᠠᠩᠰᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠨᠡᠶᠢᠲᠡᠯᠡᠵᠦ ᠦᠨ᠎ᠡ ᠥᠰᠬᠡᠬᠦ ᠨᠣᠷᠮ᠎ᠠ ᠲᠣᠭᠲᠠᠭᠠᠭᠰᠠᠨ ᠦᠭᠡᠢ ᠪᠣᠯᠬᠤᠷ ᠂ ᠬᠠᠤᠯᠢ ᠴᠠᠭᠠᠵᠠ ᠶᠢᠨ ᠲᠣᠭᠲᠠᠭᠠᠯ ᠠᠴᠠ ᠦᠵᠡᠪᠡᠯ᠂ ᠶᠠᠮᠠᠷ ᠠᠷᠭ᠎ᠠ ᠬᠡᠷᠡᠭᠯᠡᠭᠰᠡᠨ ᠴᠦ ᠴᠥᠮ ᠡᠷᠬᠡᠪᠰᠢ ᠲᠠᠸᠠᠷ ᠤᠨ ᠦᠨ᠎ᠡ ᠬᠠᠩᠰᠢ ᠶᠢ ᠬᠡᠲᠦ ᠲᠦᠷᠭᠡᠨ᠂ ᠬᠡᠲᠦ ᠥᠨᠳᠥᠷ ᠥᠰᠬᠡᠬᠦ ᠶᠢ ᠠᠬᠢᠭᠤᠯᠤᠭᠰᠠᠨ ᠪᠣᠯ ᠰᠠᠶ᠋ᠢ ᠪᠠᠷᠠᠭᠠᠨ ᠤ ᠦᠨ᠎ᠡ ᠶᠢ ᠳᠦᠷᠬᠢᠯᠳᠦᠨ ᠦᠰᠭᠡᠭᠰᠡᠨ ᠠᠵᠢᠯᠯᠠᠭ᠎ᠠ ᠪᠣᠯᠤᠨ᠎ᠠ᠂ ᠡᠶᠢᠮᠦ ᠠᠴᠠ ᠰᠢᠨᠵᠢ ᠴᠢᠨᠠᠷ ᠢ ᠲᠣᠭᠲᠠᠭᠠᠬᠤ ᠳᠤ ᠨᠡᠯᠢᠶᠡᠳ ᠬᠦᠴᠢᠷᠲᠡᠢ ᠶᠤᠮ᠃ ᠬᠡᠷᠡᠭᠯᠡᠭᠴᠢᠳ ᠲᠠᠸᠠᠷ ᠬᠤᠳᠠᠯᠳᠤᠨ ᠠᠪᠬᠤ ᠳᠠᠭᠠᠨ ᠵᠠᠷᠢᠮ ᠲᠠᠸᠠᠷ ᠤᠨ ᠦᠨ᠎ᠡ ᠨᠢ ᠣᠬᠤᠷᠬᠠᠨ ᠬᠤᠭᠤᠴᠠᠭᠠᠨ ᠳᠤ ᠶᠡᠬᠡᠪᠡᠷ ᠥᠰᠦᠭᠰᠡᠨ ᠢ ᠣᠯᠵᠤ ᠮᠡᠳᠡᠪᠡᠯ᠂ ᠮᠠᠨ ᠤ  ᠵᠠᠭᠠᠯᠳᠤᠯᠭ᠎ᠠ ᠶᠢᠨ ᠤᠲᠠᠰᠤ 12315 ᠳᠤ ᠤᠲᠠᠰᠤᠳᠠᠵᠤ ᠪᠣᠯᠣᠨ᠎ᠠ᠂ ᠪᠢᠳᠡ ᠬᠡᠷᠡᠭᠯᠡᠭᠴᠢᠳ ᠤᠨ ᠬᠠᠩᠭᠠᠭᠰᠠᠨ ᠰᠦᠪᠡᠭᠴᠢ ᠶᠢ ᠦᠨᠳᠦᠰᠦᠯᠡᠨ ᠪᠠᠶᠢᠴᠠᠭᠠᠵᠤ ᠬᠢᠨᠠᠨ ᠬᠠᠷᠭᠤᠭᠤᠯᠬᠤ ᠪᠣᠯᠣᠨ᠎ᠠ᠃      19. ᠬᠥᠲᠥᠯᠥᠭᠴᠢ      ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠷᠠᠳ ᠣᠯᠠᠨ ᠤ ᠣᠨᠴᠠ ᠠᠩᠬᠠᠷᠴᠤ ᠪᠠᠶᠢᠭ᠎ᠠ ᠡᠮᠴᠢᠯᠡᠭᠡᠨ ᠤ ᠪᠠᠭᠠᠵᠢ ᠬᠡᠷᠡᠭᠰᠡᠯ ᠤᠨ ᠲᠠᠯ᠎ᠠ ᠪᠠᠷ ᠬᠢ ᠠᠭᠤᠯᠭ᠎ᠠ ᠠᠴᠠ ᠶᠠᠷᠢᠪᠠᠯ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠲᠠᠯ᠎ᠠ ᠳᠤ ᠶᠠᠮᠠᠷ ᠶᠠᠮᠠᠷ ᠠᠵᠢᠯ ᠬᠢᠭᠰᠡᠨ ᠲᠤᠬᠠᠢ ᠰᠦᠯᠵᠢᠶᠡᠨ ᠠᠨᠳᠠ ᠨᠠᠷ ᠠᠩᠬᠠᠷᠴᠤ ᠪᠠᠶᠢᠨ᠎ᠠ᠃      20. ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ      ᠬᠢᠵᠢᠭ ᠤᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠮᠠᠨ ᠤ ᠲᠣᠪᠴᠢᠶ᠎ᠠ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠲᠣᠮᠢᠯᠠᠭᠰᠠᠨ ᠬᠤᠪᠢᠶᠠᠷᠢ ᠲᠣᠪᠴᠢᠶ᠎ᠠ ᠶᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠤᠷᠪᠠᠯᠵᠢ᠂ ᠡᠮᠨᠡᠯᠭᠡ ᠳᠤ ᠬᠡᠷᠡᠭᠯᠡᠬᠦ ᠠᠮᠠᠪᠴᠢ᠂ ᠡᠮᠨᠡᠯᠭᠡ ᠳᠤ ᠬᠡᠷᠡᠭᠯᠡᠬᠦ ᠬᠠᠮᠠᠭᠠᠯᠠᠯᠲᠠ ᠶᠢᠨ ᠬᠤᠪᠴᠠᠰᠤ᠂ ᠬᠡᠲᠦ ᠤᠯᠠᠭᠠᠨ ᠤ ᠪᠡᠶ᠎ᠡ ᠶᠢᠨ ᠳᠤᠯᠠᠭᠠᠨ ᠤ ᠬᠡᠮᠵᠢᠭᠦᠷ ᠪᠠ ᠠᠮᠢᠰᠬᠤᠯ ᠤᠨ ᠮᠠᠰᠢᠨ ︾ ᠵᠡᠷᠭᠡ ᠲᠠᠪᠤᠨ ᠶᠡᠭᠡ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠠᠪᠴᠤ ᠰᠢᠯᠭᠠᠨ ᠠᠪᠬᠤ᠂ ᠬᠠᠳᠠᠭᠠᠯᠠᠬᠤ ᠪᠣᠷᠣᠯᠠᠭᠤᠯᠬᠤ ᠲᠡᠭᠡᠭᠡᠪᠦᠷᠢᠯᠡᠬᠦ ᠪᠠ ᠵᠠᠮ ᠵᠠᠭᠤᠷ᠎ᠠ ᠶᠢᠨ ᠳᠤᠯᠠᠭᠠᠨ ᠤ ᠬᠡᠮᠵᠢᠶ᠎ᠡ ᠶᠢᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠵᠡᠷᠭᠡ ᠭᠤᠭᠴᠤᠭ᠎ᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠳᠤ ᠲᠡᠭᠡᠭᠡᠪᠦᠷᠢ ᠶᠢᠨ ᠲᠡᠮᠳᠡᠭᠯᠡᠯ ᠪᠦᠷᠢᠨ ᠪᠤᠰᠤ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠲᠤᠰᠢᠶᠠᠬᠤ ᠪᠠ ᠭᠥᠯᠢᠶᠡᠨ ᠠᠪᠬᠤ ᠬᠠᠭᠤᠳᠠᠰᠤ ᠶᠢᠨ ᠠᠭᠤᠯᠭ᠎ᠠ ᠪᠦᠷᠢᠨ ᠪᠤᠰᠤ᠂ ᠶᠠᠰᠤ ᠴᠢᠨᠠᠷ ᠤᠨ ᠪᠠᠲᠤᠯᠠᠭ᠎ᠠ ᠶᠢᠨ ᠵᠥᠪᠯᠡᠯᠴᠡᠭᠡᠷ ᠲᠣᠭᠲᠠᠭᠰᠠᠨ ᠨᠢ ᠵᠢᠷᠤᠮᠵᠢᠯ ᠦᠭᠡᠢ ᠵᠡᠷᠭᠡ ᠠᠰᠠᠭᠤᠳᠠᠯ ᠢ  ᠢᠯᠡᠷᠡᠭᠦᠯᠦᠭᠰᠡᠨ ᠳᠤ᠂ ᠲᠤᠬᠠᠢ ᠶᠢᠨ ᠲᠠᠯᠠᠪᠤᠷ ᠲᠤᠨᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠴᠡᠭᠴᠡᠯᠡᠨ  ᠰᠠᠶᠢᠵᠢᠷᠠᠭᠤᠯᠪᠠ᠃ ᠣᠲᠣ ᠪᠣᠯᠲᠠᠯ᠎ᠠ᠂ ᠪᠥᠬᠦ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠬᠡᠷᠡᠭᠯᠡᠬᠦ ᠨᠢᠭᠡᠴᠡ ᠶᠢ ᠨᠡᠶᠢᠲᠡ ᠳᠥᠷᠪᠡᠨ ᠮᠢᠩᠭ᠎ᠠ ᠭᠠᠷᠤᠢ ᠤᠳᠠᠭ᠎ᠠ ᠪᠠᠶᠢᠴᠠᠭᠠᠵᠤ᠂ ᠡᠭᠦᠨ ᠳᠤ ᠪᠥᠭᠡᠮ ᠬᠦᠴᠢᠯ ᠢ  ᠰᠢᠯᠭᠠᠨ ᠪᠠᠶᠢᠴᠠᠭᠠᠬᠤ ᠤᠷᠪᠠᠯᠵᠢ ᠶᠢ ᠡᠵᠡᠩᠨᠡᠬᠦ ᠪᠠ ᠬᠡᠷᠡᠭᠯᠡᠬᠦ ᠨᠢᠭᠡᠴᠡ ᠶᠢ 51 ᠶᠢ ᠪᠠᠶᠢᠴᠠᠭᠠᠵᠤ᠂ ᠬᠠᠤᠯᠢ ᠶᠢ ᠵᠥᠷᠢᠴᠡᠭᠰᠡᠨ ᠰᠡᠵᠢᠭᠯᠡᠯᠲᠡᠢ 2 ᠬᠡᠷᠡᠭ ᠤᠨ ᠰᠦᠪᠡᠭᠴᠢ ᠶᠢ ᠰᠢᠯᠵᠢᠭᠦᠯᠦᠨ ᠲᠤᠰᠢᠶᠠᠭᠰᠠᠨ ᠪᠠᠶᠢᠨ᠎ᠠ᠃      21. ᠬᠥᠲᠥᠯᠥᠭᠴᠢ      ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠮᠠᠨ ᠤ ᠣᠷᠣᠨ ᠤ ᠲᠥᠪ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ ᠵᠦᠢᠯ᠂ ᠡᠮ ᠤᠨ ᠵᠦᠢᠯ᠂ ᠦᠨ᠎ᠡ ᠬᠠᠩᠰᠢ ᠵᠡᠷᠭᠡ ᠲᠠᠯ᠎ᠠ ᠪᠠᠷ ᠦᠨᠡᠬᠡᠷ ᠮᠠᠰᠢ ᠣᠯᠠᠨ ᠠᠵᠢᠯ ᠬᠢᠵᠡᠢ᠂ ᠠᠳᠡ ᠪᠢ ᠪᠠᠰᠠ ᠰᠣᠨᠣᠰᠤᠭᠴᠢᠳ ᠪᠣᠯᠣᠨ ᠥᠷᠭᠡᠨ ᠣᠯᠠᠨ ᠲᠦᠮᠡᠨ ᠤ ᠡᠮᠦᠨ᠎ᠡ ᠠᠴᠠ ᠲᠠ ᠨᠠᠷ ᠤᠨ ᠬᠠᠯᠠᠰᠢᠷᠠᠯ ᠦᠭᠡᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ ᠃ ᠲᠣᠰ ᠤᠳᠠᠭᠠᠨ ᠤ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠳᠠᠭᠤᠰᠬᠤ ᠣᠶᠢᠷᠠᠲᠤᠯ᠎ᠠ᠂ ᠤᠳᠠᠯ ᠦᠭᠡᠢ ᠳᠠᠭᠤᠰᠬᠤ ᠭᠡᠵᠦ ᠪᠠᠶᠢᠭ᠎ᠠ ᠦᠶ᠎ᠡ ᠳᠤ ᠮᠠᠨ ᠤ ᠦ᠋ ᠶᠦᠩ ᠾᠧᠦ ᠳᠠᠷᠤᠭ᠎ᠠ ᠠᠴᠠ ᠠᠴᠠ ᠲᠠᠷᠠᠭᠠᠴᠢ ᠶᠢᠨ ᠠᠯᠬᠤᠮ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠲᠤᠬᠠᠢ ᠳᠠᠬᠢᠨᠲᠠ ᠲᠥᠬᠦᠮ ᠲᠠᠨᠢᠯᠴᠠᠭᠤᠯᠤᠭᠠᠳ ᠥᠭᠬᠦ ᠶᠢ ᠬᠦᠰᠡᠵᠦ ᠪᠠᠶᠢᠨ᠎ᠠ᠃      22. ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ      ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠥᠷᠭᠡᠨ ᠣᠯᠠᠨ ᠨᠠᠶᠢᠵᠠ ᠨᠠᠷ ᠤᠨ ᠬᠦᠯᠢᠴᠡᠩᠭᠦᠢ ᠰᠣᠨᠣᠰᠤᠭᠰᠠᠨ ᠳᠤ ᠲᠠᠯᠠᠷᠬᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2022 ᠣᠨ ᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠣᠨ ᠤ ᠭᠤᠣᠯ ᠰᠡᠳᠦᠪ ᠢᠶᠠᠷ ᠭᠤᠣᠯ ᠱᠤᠭᠤᠮ ᠪᠣᠯᠭᠠᠵᠤ᠂ ᠬᠠᠤᠯᠢ ᠴᠠᠭᠠᠵᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠡᠷᠡᠭᠯᠡᠭᠡ ᠡᠷᠬᠡ ᠲᠡᠭᠰᠢ ᠪᠠᠶᠢᠬᠤ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠬᠡᠷᠡᠭᠯᠡᠭᠡ ᠶᠢᠨ ᠡᠷᠬᠡ ᠲᠡᠭᠰᠢ ᠶᠢᠨ ᠰᠠᠭᠤᠷᠢ ᠶᠢ ᠪᠠᠲᠤᠳᠬᠠᠵᠤ᠂ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠠᠵᠢᠯ ᠤᠨ ᠨᠡᠶᠢᠭᠡᠮ ᠤᠨ  ᠣᠯᠠᠨ ᠨᠡᠶᠢᠲᠡ ᠶᠢᠨ  ᠢᠳᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠠᠬᠢ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠳᠤ ᠬᠦᠴᠦᠨ ᠨᠡᠮᠡᠷᠢᠯᠡᠵᠦ᠂ ᠪᠦᠬᠦ ᠬᠤᠲᠠ ᠶᠢᠨ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠲᠣᠭᠤᠷᠢᠨ ᠪᠠ ᠡᠷᠬᠡ ᠲᠡᠭᠰᠢ ᠡᠮᠬᠢ ᠳᠢᠭᠯᠢᠮ ᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃      23.ᠬᠠᠮᠢᠶᠠᠷᠤᠭᠴᠢ      ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠦ᠋ ᠶᠦᠩ ᠾᠧᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠦ᠋ ᠵᠧᠨ᠂ ᠢᠳᠡᠭᠡᠨ ᠤ ᠵᠦᠢᠯ ᠤᠨ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ ᠶᠦᠨ ᠴᠢᠶᠠᠩ᠂ ᠪᠠᠴᠢᠮ ᠪᠠᠶᠢᠳᠠᠯ ᠢ  ᠠᠷᠭᠠᠴᠠᠵᠤ ᠵᠣᠬᠢᠴᠠᠭᠤᠯᠬᠤ ᠰᠠᠯᠠᠭᠠᠨ ᠤ ᠳᠡᠳ᠋ ᠳᠠᠷᠤᠭ᠎ᠠ ᠸᠠᠩ ᠵᠢᠩ ᠮᠢᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠯᠢ ᠬᠤᠩ᠂ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠰᠠᠯᠠᠭᠠᠨ ᠤ ᠯᠢ ᠵᠧ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ  ᠦᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1