ᠰᠤᠷᠪᠤᠯᠵᠢᠯᠠᠭᠴᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ | ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠣᠯᠠᠨ ᠲᠦᠮᠡᠨ ᠤ | ᠬᠠᠯᠠᠭᠤᠨ ᠢᠶᠠᠷ ᠠᠩᠬᠠᠷᠴᠤ ᠪᠠᠶᠢᠭ᠎ᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠦᠢᠯᠡᠴᠢᠯᠡᠭᠡ ᠶᠢ ᠤᠯᠠᠮ | ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ | ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠣᠯᠠᠨ ᠨᠡᠶᠢᠲᠡ ᠶᠢᠨ ᠦᠢᠯᠡᠴᠢᠯᠡᠭᠡ ᠶᠢ | ᠳᠠᠭᠠᠭᠠᠨ ᠭᠦᠢᠴᠡᠳᠬᠡᠬᠦ ᠺᠣᠮᠫᠠᠨᠢ ᠯᠤᠭ᠎ᠠ ᠣᠯᠠᠨ ᠤᠳᠠᠭ᠎ᠠ ᠵᠣᠬᠢᠴᠠᠭᠤᠯᠬᠤ᠂ ᠨᠡᠪᠲᠡᠷᠡᠯᠴᠡᠬᠦ᠂ ᠰᠢᠯᠭᠠᠨ ᠲᠤᠷᠰᠢᠬᠤ | ᠪᠠᠷ ᠳᠠᠮᠵᠢᠭᠠᠳ 7 ᠳ᠋ᠤᠭᠠᠷ ᠰᠠᠷ᠎ᠠ ᠳᠤ ᠪᠥᠬᠦ ᠣᠷᠣᠨ ᠳᠤ ︽ᠮᠦᠩᠭᠡ ᠰᠤᠪᠠᠭ︾ App ᠶᠢᠨ ︽ᠳᠠᠭᠠᠳᠬᠠᠯ ᠳᠤ | ᠣᠷᠣᠯᠴᠠᠭᠰᠠᠨ ᠭᠡᠷᠡᠴᠢ︾ ᠶᠢ ᠥᠪᠡᠰᠦᠪᠡᠨ ᠳᠠᠷᠤᠮᠠᠯᠯᠠᠬᠤ ᠦᠢᠯᠡᠴᠢᠯᠡᠭᠡ ᠶᠢ ᠨᠡᠭᠡᠭᠡᠪᠡ᠃ | ᠣᠶᠢᠯᠠᠭᠠᠭᠰᠠᠨ ᠢᠶᠠᠷ᠂ ᠡᠭᠦᠨ ᠠᠴᠠ ᠡᠮᠦᠨ᠎ᠡ᠂ ᠮᠤᠵᠢ ᠠᠯᠤᠰᠯᠠᠭᠰᠠᠨ ᠡᠮᠴᠢᠯᠡᠭᠡᠨ ᠤ ᠳᠠᠭᠠᠳᠬᠠᠯ ᠤᠨ | ᠬᠠᠷᠢᠴᠠᠭ᠎ᠠ ᠶᠢ ᠰᠢᠯᠵᠢᠭᠦᠯᠦᠨ ᠭᠠᠷᠭᠠᠬᠤ ᠲᠤᠬᠠᠶᠢᠯᠠᠭᠰᠠᠨ ᠠᠵᠢᠯ ᠳᠤ ᠳᠠᠭᠠᠳᠬᠠᠯ ᠳᠤ ᠣᠷᠣᠯᠴᠠᠭᠰᠠᠳ ᠶᠡᠭᠡ | ᠲᠢᠩᠬᠢᠮ ᠳᠤ ᠬᠦᠷᠴᠦ ︽ᠳᠠᠭᠠᠳᠬᠠᠯ ᠳᠤ ᠣᠷᠣᠯᠴᠠᠭᠰᠠᠨ ᠭᠡᠷᠡᠴᠢ︾ ᠶᠢ ᠳᠠᠷᠤᠮᠠᠯᠯᠠᠭᠰᠠᠨ ᠤ ᠳᠠᠷᠠᠭ᠎ᠠ ᠳᠠᠬᠢᠭᠠᠳ | ᠮᠤᠵᠢ ᠶᠢᠨ ᠭᠠᠳᠠᠨ᠎ᠠ ᠣᠴᠢᠵᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠪᠠ᠂ ᠡᠨᠡ ᠨᠢ ᠳᠠᠭᠠᠳᠬᠠᠯ ᠳᠤ | ᠣᠷᠣᠯᠴᠠᠭᠰᠠᠳ ᠲᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠭᠰᠠᠨ ᠪᠠᠶᠢᠨ᠎ᠠ᠃ ᠣᠳᠣ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠮᠤᠵᠢ ᠠᠯᠤᠰᠯᠠᠭᠰᠠᠨ | ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠭᠠᠷᠭᠠᠬᠤ ᠶᠢ ᠭᠦᠢᠴᠡᠳᠬᠡᠬᠦ ᠴᠢᠬᠤᠯᠠᠲᠠᠢ ᠬᠥᠮᠥᠰ ︽ | ᠮᠦᠩᠭᠡ ᠰᠤᠪᠠᠭ︾ App ᠢ ᠪᠠᠭᠤᠯᠭᠠᠭᠰᠠᠨ ᠤ ᠳᠠᠷᠠᠭ᠎ᠠ᠂ ︽ᠮᠦᠩᠭᠡ ᠰᠤᠪᠠᠭ︾ ᠤᠨ ᠭᠠᠷ ᠤᠳᠠᠰᠤᠨ ᠤ | App ᠳᠡᠭᠡᠷ᠎ᠡ ᠭᠠᠷᠴᠤ᠂ ︽ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ | ᠦᠢᠯᠡᠴᠢᠯᠡᠭᠡ ᠶᠢ ᠬᠠᠶᠢᠵᠤ᠂ ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ︵ᠬᠤᠷᠰᠢᠭᠰᠠᠨ | ᠡᠮᠨᠡᠯᠭᠡ ︶ ᠳᠤ ᠣᠷᠣᠯᠴᠠᠭᠰᠠᠨ ᠭᠡᠷᠡᠴᠢ ᠶᠢ ᠳᠠᠷᠤᠮᠠᠯᠯᠠᠬᠤ︾ ᠶᠢ ᠲᠣᠪᠴᠢᠳᠠᠭᠠᠳ ᠳᠠᠷᠤᠮᠠᠯᠯᠠᠭᠰᠠᠨ ︽ᠦᠨᠳᠦᠰᠦᠨ | ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ︵ᠬᠤᠷᠰᠢᠭᠰᠠᠨ ᠡᠮᠨᠡᠯᠭᠡ︶ ᠳᠤ ᠣᠷᠣᠯᠴᠠᠭᠰᠠᠨ ᠭᠡᠷᠡᠴᠢ︾ ᠪᠠᠨ | ᠰᠢᠯᠵᠢᠭᠦᠯᠦᠨ ᠣᠷᠤᠭᠤᠯᠬᠤ ᠭᠠᠵᠠᠷ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ | ᠲᠤᠰᠢᠶᠠᠵᠤ᠂ ᠰᠢᠯᠵᠢᠭᠦᠯᠦᠨ ᠣᠷᠤᠭᠤᠯᠬᠤ ᠭᠠᠵᠠᠷ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ | ᠪᠠᠶᠢᠭᠤᠯᠤᠮᠵᠢ ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠠᠭᠠᠳᠬᠠᠯ ︵ᠬᠤᠷᠰᠢᠭᠰᠠᠨ ᠡᠮᠨᠡᠯᠭᠡ︶ ᠳᠤ | ᠣᠷᠣᠯᠴᠠᠭᠰᠠᠨ ᠭᠡᠷᠡᠴᠢ︾ ᠶᠢ ᠣᠯᠣᠭᠰᠠᠨ ᠤ ᠳᠠᠷᠠᠭ᠎ᠠ᠂ ᠰᠦᠯᠵᠢᠶᠡᠨ ᠬᠤᠯᠪᠤᠭ᠎ᠠ ᠶᠢᠨ ᠵᠠᠭᠪᠤᠷ ᠪᠤᠶᠤ ᠰᠦᠯᠵᠢᠶᠡᠨ | ᠭᠠᠳᠠᠨ᠎ᠠ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠰᠢᠯᠵᠢᠭᠦᠯᠦᠨ ᠵᠠᠯᠭᠠᠬᠤ ᠲᠤᠬᠠᠶᠢᠯᠠᠭᠰᠠᠨ ᠠᠵᠢᠯ ᠢ | ᠭᠦᠢᠴᠡᠳᠬᠡᠪᠡᠯ ᠪᠣᠯᠴᠢᠬᠠᠨ᠎ᠠ᠂ ᠡᠨᠡ ᠨᠢ ᠳᠠᠭᠠᠳᠬᠠᠯ ᠳᠤ ᠣᠷᠣᠯᠴᠠᠭᠰᠠᠳ ᠤᠨ ᠰᠢᠯᠵᠢᠭᠦᠯᠦᠨ ᠣᠷᠣᠭᠤᠯᠬᠤ ᠭᠠᠵᠠᠷ | ᠪᠠ ᠰᠢᠯᠵᠢᠭᠦᠯᠦᠨ ᠭᠠᠷᠭᠠᠬᠤ ᠭᠠᠵᠠᠷ ᠲᠤ ᠨᠠᠰᠢ ᠴᠠᠰᠢ ᠭᠦᠶᠦᠬᠦ ᠶᠠᠷᠰᠢᠭ ᠢ ᠪᠠᠭᠠᠰᠬᠠᠵᠤ᠂ ︽ᠬᠠᠮᠤᠭ ᠤᠨ | ᠠᠷᠪᠢᠨ ᠳᠠᠭᠠᠨ ᠨᠢᠭᠡ ᠤᠳᠠᠭ᠎ᠠ ᠭᠦᠶᠦᠬᠦ︾ ᠪᠣᠯᠭᠠᠭᠰᠠᠨ ᠪᠠᠶᠢᠨ᠎ᠠ᠃ |