ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/7/29
                     ᠬᠥᠬᠡᠬᠤᠲᠠ ᠵᠠᠰᠠᠭ ᠲᠠᠷᠬᠠᠭᠠᠭᠰᠠᠨ ﹇2022﹈ 25 ᠳ᠋ᠤᠭᠠᠷ ᠲᠣᠭᠠᠲᠤ                                  2022 ᠣᠨ ᠤ 5 ᠳ᠋ᠤᠭᠠᠷ ᠰᠠᠷ᠎ᠠ ᠶᠢᠨ 19 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ︵ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ︽ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                        ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ              ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ      ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠤᠷᠠᠳᠪᠠ᠃      ᠨᠢᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ      ︵ᠨᠢᠭᠡ︶ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡᠴᠢᠯᠡᠭᠡᠨ ᠤ ᠺᠣᠮᠫᠠᠨᠢ ᠶᠢ ᠬᠥᠬᠡᠬᠤᠲᠠ ᠳᠤ ᠬᠠᠤᠯᠢ ᠶᠣᠰᠣᠭᠠᠷ ᠣᠷᠣᠭᠤᠯᠤᠨ ᠠᠪᠴᠢᠷᠠᠭᠰᠠᠨ ᠤ ᠳᠠᠷᠠᠭ᠎ᠠ᠂ ᠠᠵᠢᠯᠯᠠᠬᠤ ᠣᠷᠣᠨ ᠵᠠᠢ ᠶᠢᠨ ᠲᠦᠷᠢᠶᠡᠰᠦᠨ ᠨᠥᠬᠦᠪᠦᠷᠢ ᠣᠯᠭᠤᠨ᠎ᠠ᠂ ᠨᠥᠬᠦᠪᠦᠷᠢ ᠥᠭᠬᠦ ᠬᠤᠭᠤᠴᠠᠭ᠎ᠠ ᠨᠢ ᠲᠠᠪᠤᠨ ᠵᠢᠯ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠦᠢᠯᠡᠴᠢᠯᠡᠭᠡᠨ ᠤ ᠺᠣᠮᠫᠠᠨᠢ ᠶᠢᠨ ᠬᠤᠶᠠᠷ ᠰᠠᠷ᠎ᠠ ᠶᠢᠨ ᠭᠠᠶᠢᠯᠢ ᠲᠤᠰᠢᠶᠠᠭᠰᠠᠨ ᠲᠤᠭ᠎ᠠ ︵ᠠᠵᠤ ᠠᠬᠤᠶᠢᠯᠠᠯ ᠵᠢᠴᠢ ᠭᠡᠰᠢᠭᠦᠳ ᠠᠴᠠ ᠣᠷᠣᠯᠠᠨ ᠲᠠᠲᠠᠪᠤᠷᠢᠯᠠᠵᠤ ᠭᠡᠰᠢᠭᠦᠳ ᠲᠤ ᠣᠷᠣᠯᠠᠨ ᠲᠤᠰᠢᠶᠠᠵᠤ ᠭᠡᠰᠢᠭᠦᠳ ᠠᠴᠠ ᠣᠷᠣᠯᠠᠨ ᠰᠠᠭᠤᠯᠭᠠᠨ ᠠᠪᠤᠭᠰᠠᠨ ᠡᠯ᠎ᠡ ᠵᠦᠢᠯ ᠤᠨ ᠭᠠᠶᠢᠯᠢ ᠶᠢᠨ ᠮᠥᠩᠭᠦ ᠵᠢᠴᠢ ᠨᠡᠮᠡᠯᠲᠡ ᠶᠢ ᠪᠠᠭᠲᠠᠭᠠᠨ᠎ᠠ︶ ᠨᠢ 20 ᠲᠦᠮᠡᠨ ᠲᠥᠭᠦᠷᠢᠭ ᠠᠴᠠ ᠳᠡᠭᠡᠭᠰᠢᠬᠢ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠳᠤ ᠡᠵᠡᠩᠨᠡᠯᠲᠡ ᠶᠢᠨ ᠬᠤᠪᠢ ᠨᠡᠮᠡᠷᠢ ᠶᠢᠨ ᠱᠠᠩᠨᠠᠯ ᠣᠯᠭᠤᠵᠤ᠂ ᠱᠠᠩᠨᠠᠯ ᠤᠨ ᠮᠦᠩᠭᠦ ᠶᠢᠨ ᠲᠤᠭ᠎ᠠ ᠨᠢ ᠲᠤᠬᠠᠢ ᠶᠢᠨ ᠭᠠᠵᠠᠷ ᠣᠷᠣᠨ ᠤ ᠠᠵᠤ ᠠᠬᠤᠢ ᠳᠤ ᠦᠵᠡᠭᠦᠯᠦᠭᠰᠡᠨ ᠬᠤᠪᠢ ᠨᠡᠮᠡᠷᠢ ᠶᠢᠨ ᠬᠤᠲᠠ᠂ ᠰᠢᠶᠠᠨ ︵ᠬᠤᠰᠢᠭᠤ ᠲᠣᠭᠤᠷᠢᠭ︶ ᠤ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ ᠬᠡᠰᠡᠭ ᠤᠨ 90% ᠬᠤᠪᠢ︔ 30 ᠠᠴᠠ ᠣᠯᠠᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠣᠷᠣᠵᠤ ᠨᠤᠲᠤᠭᠰᠢᠭᠰᠠᠨ ᠲᠥᠷᠥᠯ ᠵᠦᠢᠯ ᠤᠨ ᠺᠣᠮᠫᠠᠨᠢ ᠳᠤ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠤᠪᠢ ᠨᠡᠮᠡᠷᠢ ᠶᠢᠨ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ ᠬᠡᠰᠡᠭ ᠤᠨ 10% ᠪᠠᠷ ᠨᠡᠶᠢᠳᠬᠡᠭᠰᠡᠨ ᠡᠵᠡᠩᠨᠡᠯᠲᠡ ᠶᠢᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠬᠡᠯᠬᠢᠶ᠎ᠡ ᠲᠦᠲᠡ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠪᠠᠶᠢᠭᠤᠯᠬᠤ ᠶᠢ ᠳᠡᠮᠵᠢᠨ᠎ᠡ᠃ ᠮᠠᠨ ᠤ ᠬᠤᠲᠠ ᠳᠤ ᠪᠠᠶᠢᠭ᠎ᠠ ᠳᠡᠯᠭᠡᠭᠦᠷ ᠤᠨ ᠲᠤᠭ᠎ᠠ ᠨᠢ 30 ᠶᠢ ᠳᠠᠪᠠᠭᠰᠠᠨ ᠬᠡᠯᠬᠢᠶ᠎ᠡ ᠲᠥᠳᠡ ᠠᠵᠤ ᠠᠬᠤᠶᠢᠯᠠᠯ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠯᠠᠪᠠᠢ  ᠲᠠᠢ ᠲᠣᠬᠢᠷᠠᠭᠤᠯᠤᠨ ᠬᠦᠷᠭᠡᠬᠦ ᠲᠥᠪ ︵ᠭᠠᠵᠠᠷ ᠬᠤᠳᠠᠯᠳᠤᠨ ᠠᠪᠴᠤ ᠪᠦᠲᠦᠭᠡᠨ ᠪᠠᠶᠢᠭᠤᠯᠤᠨ ᠥᠭᠡᠷᠡᠴᠢᠯᠡᠬᠦ ᠪᠠ ᠬᠥᠮᠥᠷᠭᠡ ᠲᠦᠷᠢᠶᠡᠰᠦᠯᠡᠨ ᠪᠦᠲᠦᠭᠡᠨ ᠪᠠᠶᠢᠭᠤᠯᠤᠨ ᠥᠭᠡᠷᠡᠴᠢᠯᠡᠬᠦ ᠪᠠᠭᠲᠠᠨ᠎ᠠ︶ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠰᠠᠶᠢᠵᠢᠷᠠᠭᠤᠯᠤᠭᠰᠠᠨ ᠳᠤ᠂ ᠵᠠᠰᠠᠵᠤ ᠴᠢᠮᠡᠬᠦ ᠪᠠ ᠬᠠᠲᠠᠭᠤ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠶᠢ ᠳᠡᠮᠵᠢᠵᠦ᠂ ᠣᠨ ᠤ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠥᠬᠦᠪᠦᠷᠢ ᠥᠭᠴᠦ᠂ ᠭᠠᠭᠴᠠ ᠬᠡᠯᠬᠢᠶ᠎ᠡ ᠲᠥᠳᠡ ᠠᠵᠤ ᠠᠬᠤᠶᠢᠯᠠᠯ ᠤᠨ ᠵᠢᠯ ᠪᠦᠷᠢ ᠶᠢᠨ ᠲᠣᠰ ᠵᠦᠢᠯ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠳᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠳᠥᠷᠪᠡ︶ ᠲᠥᠪ ᠠᠴᠠ ᠪᠠᠭᠤᠯᠭᠠᠭᠰᠠᠨ ᠥᠪᠡᠷᠲᠡᠭᠡᠨ ᠵᠠᠰᠠᠬᠤ ᠣᠷᠣᠨ ᠤ ᠲᠦᠷᠢᠶᠡᠰᠦᠨ ᠮᠠᠰᠢᠨ ᠲᠡᠷᠭᠡ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠲᠣᠰᠣᠨ ᠤ ᠦᠨ᠎ᠡ ᠶᠢᠨ ᠨᠥᠬᠦᠪᠦᠷᠢ ᠶᠢᠨ ᠪᠡᠯᠡ ᠮᠥᠩᠭᠦ ᠶᠢᠨ ᠬᠤᠲᠠ ᠶᠢᠨ ᠨᠢᠭᠡᠳᠦᠯᠲᠡᠢ ᠲᠥᠯᠥᠪᠯᠡᠬᠦ ᠬᠡᠰᠡᠭ ᠠᠴᠠ 30% ᠶᠢᠨ ᠬᠠᠷᠢᠴᠠᠯ ᠠᠴᠠ ᠳᠣᠣᠷ᠎ᠠ ᠦᠭᠡᠢ ᠬᠡᠰᠡᠭ ᠢ ᠬᠡᠷᠡᠭᠯᠡᠨ᠂ ᠡᠵᠡᠩᠨᠡᠯᠲᠡ ᠨᠢ ᠬᠦᠴᠢᠷᠲᠡᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠳᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠬᠦᠢᠰᠦ ᠶᠢ ᠪᠦᠲᠦᠭᠡᠨ ᠪᠠᠶᠢᠭᠤᠯᠤᠨ ᠡᠵᠡᠩᠨᠡᠬᠦ ᠬᠡᠪ ᠳᠠᠭᠤᠷᠢᠶᠠᠯ‌‍ᠪᠣᠯᠬᠤ ᠠᠵᠤ ᠠᠬᠤᠶᠢᠯᠠᠯ ᠂ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠬᠥᠮᠥᠵᠢᠭᠦᠯᠵᠦ ᠲᠣᠭᠲᠠᠭᠠᠨ᠎ᠠ᠃ A ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠪᠠ ᠦᠨᠡᠯᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠵᠢᠯᠣᠭᠤᠴᠢ ᠶᠢᠨ ᠭᠡᠷ︾ ᠤᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠰᠢᠯᠭᠠᠨ ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠭᠡᠷ︾ ᠲᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠲᠣᠣᠷ ᠴᠡᠭ ᠤᠨ ᠪᠠᠶᠢᠷᠢᠰᠢᠭᠤᠯᠤᠯᠲᠠ ᠶᠢ ᠲᠦᠷᠭᠡᠳᠬᠡᠨ᠂ ᠰᠢᠤᠳᠠᠨ ᠤ ᠠᠵᠤ ᠠᠬᠤᠶᠢᠯᠠᠯ ᠬᠢᠭᠡᠳ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠦᠵᠦᠭᠦᠷ ᠲᠤ ᠬᠦᠷᠭᠡᠬᠦ ᠡᠬᠢ ᠪᠠᠶᠠᠯᠢᠭ ᠢᠶᠠᠨ ᠨᠡᠶᠢᠳᠬᠡᠬᠦ ᠶᠢ ᠵᠣᠷᠢᠭᠵᠢᠭᠤᠯᠵᠤ᠂ ︽ᠣᠯᠠᠨ ᠥᠷᠲᠡᠭᠡ ᠶᠢ ᠨᠡᠶᠢᠯᠡᠭᠦᠯᠦᠨ ᠨᠢᠭᠡ ᠪᠣᠯᠭᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ︾ ᠵᠠᠭᠪᠤᠷ ᠶᠣᠰᠣᠭᠠᠷ᠂ ᠣᠯᠠᠨ ᠲᠥᠷᠥᠯ ᠲᠡᠮᠳᠡᠭᠲᠦ ᠭᠠᠴᠠᠭ᠎ᠠ ᠲᠣᠰᠬᠤᠨ ᠳᠤ ᠣᠷᠣᠬᠤ ᠠᠷᠭ᠎ᠠ ᠵᠠᠮ ᠢ ᠥᠷᠭᠡᠳᠬᠡᠨ᠎ᠡ᠃ ᠪᠣᠳᠠᠲᠠᠢ ᠡᠭᠦᠰᠦᠭᠰᠡᠨ ᠲᠦᠷᠭᠡᠨ ᠬᠦᠷᠭᠡᠯᠲᠡ ᠶᠢ ᠭᠠᠴᠠᠭ᠎ᠠ ᠲᠣᠰᠬᠤᠨ ᠳᠤ ᠣᠷᠣᠭᠤᠯᠤᠭᠰᠠᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠳᠤ ᠂ ᠵᠢᠯ ᠪᠦᠷᠢ ᠵᠠᠬᠢᠶᠠᠯᠠᠭ᠎ᠠ ᠨᠢᠭᠡᠪᠦᠷᠢ ᠳᠤ 0.3 ᠲᠥᠭᠦᠷᠢᠭ ᠤᠨ ᠳᠣᠲᠣᠷ᠎ᠠ ᠨᠥᠬᠦᠪᠦᠷᠢ ᠥᠭᠴᠦ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠲᠦᠷᠭᠡᠨ ᠬᠦᠷᠭᠡᠯᠲᠡ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠤᠲᠠ᠂ ᠲᠣᠭᠤᠷᠢᠭ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠬᠦᠴᠦᠨ ᠤ ᠬᠤᠪᠢᠳᠠᠯ ᠤᠨ ᠬᠠᠷᠢᠴᠠᠯ ᠢᠶᠠᠷ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠠᠷᠭ᠎ᠠ ᠮᠠᠶ᠋ᠢᠭ ᠢ ᠠᠪᠴᠤ ᠱᠠᠲᠤ ᠬᠤᠪᠢᠶᠠᠨ ᠡᠭᠦᠷᠭᠡᠯᠡᠨ᠎ᠡ᠃ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠶᠢ ᠬᠥᠲᠥᠯᠥᠨ ᠵᠢᠯᠤᠭᠤᠳᠴᠤ᠂ ᠨᠢᠭᠡᠳᠦᠭᠡᠷ ᠵᠢᠯ ᠳᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠳᠤ ᠲᠦᠷᠢᠶᠡᠰᠦᠨ ᠮᠥᠩᠭᠦ ᠶᠢᠨ 100% ᠶᠢᠨ ᠨᠥᠬᠦᠪᠦᠷᠢ ᠣᠯᠭᠤᠵᠤ᠂ ᠬᠤᠶᠠᠳᠤᠭᠠᠷ ᠵᠢᠯ ᠳᠤ ᠲᠦᠷᠢᠶᠡᠰᠦᠨ ᠮᠥᠩᠭᠦ ᠶᠢᠨ 60% ᠶᠢᠨ ᠨᠥᠬᠦᠪᠦᠷᠢ ᠣᠯᠭᠤᠵᠤ᠂ ᠭᠤᠷᠪᠠᠳᠤᠭᠠᠷ ᠵᠢᠯ ᠳᠤ ᠲᠦᠷᠢᠶᠡᠰᠦᠨ ᠮᠥᠩᠭᠦ ᠶᠢᠨ 40% ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ︽ᠨᠢᠭᠡ ᠵᠠᠬᠢᠶᠠᠯᠠᠭ᠎ᠠ ᠶᠢᠨ ᠳᠦᠷᠢᠮ︾ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ᠂ ᠲᠤᠷᠰᠢᠯᠲᠠ ᠶᠢᠨ ᠴᠡᠭ ᠤᠨ ᠢᠨᠵᠧᠨᠧᠷᠢᠩ ᠳᠤ ᠣᠷᠣᠭᠤᠯᠤᠭᠰᠠᠨ ᠠᠵᠤ ᠠᠬᠤᠶᠢᠯᠠᠯ ᠢ ᠬᠢᠨᠠᠨ ᠰᠢᠯᠭᠠᠷᠠᠭᠤᠯᠬᠤ ᠪᠠᠷ ᠳᠡᠮᠵᠢᠨ ᠬᠢᠷᠢ ᠲᠡᠩᠴᠡᠭᠰᠡᠨ ᠮᠥᠷᠲᠡᠭᠡᠨ ᠪᠥᠬᠦ ᠣᠷᠣᠨ ᠤ ᠡᠮᠦᠨ᠎ᠡ ᠲᠠᠪᠤᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠨᠢᠭᠡᠪᠦᠷᠢ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠬᠠᠭᠤᠴᠢᠨ ᠭᠡᠷ ᠪᠠᠶᠢᠰᠢᠩ᠂ ᠰᠠᠩ ᠬᠥᠮᠥᠷᠭᠡ ᠪᠠ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠨ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠪᠠᠶᠢᠭᠤᠯᠬᠤ ᠪᠤᠶᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠬᠤ ᠳᠤ᠂ ᠤᠤᠯ ᠤᠨ ᠬᠤᠪᠢᠶᠠᠵᠤ ᠣᠯᠭᠤᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠵᠦ ᠥᠭᠬᠦ ᠪᠤᠶᠤ  ᠲᠦᠷᠢᠶᠡᠰᠦᠯᠡᠭᠦᠯᠬᠦ ᠳᠤ ᠬᠤᠯᠪᠣᠭᠳᠠᠭᠰᠠᠨ ᠪᠠᠶᠢᠪᠠᠯ᠂ ᠲᠤᠭᠲᠠᠭᠠᠯ ᠶᠣᠰᠤᠭᠠᠷ ᠭᠠᠵᠠᠷ ᠰᠢᠷᠣᠢ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠭᠠᠷ ᠭᠦᠢᠴᠡᠳᠬᠡᠯ ᠬᠢᠵᠦ᠂ ᠵᠥᠪᠰᠢᠶᠡᠷᠡᠭᠦᠯᠦᠭᠰᠡᠨ ᠤ ᠲᠠᠷᠠᠭ᠎ᠠ ᠭᠡᠷ᠎ᠡ ᠶᠢᠨ ᠠᠷᠭ᠎ᠠ ᠮᠠᠶ᠋ᠢᠭ ᠢᠶᠠᠷ ᠰᠢᠯᠵᠢᠭᠦᠯᠦᠨ ᠥᠭᠴᠦ ᠪᠣᠯᠣᠨ᠎ᠠ᠃ 5 ᠵᠢᠯ ᠤᠨ ᠳᠣᠲᠣᠷ᠎ᠠ ᠭᠠᠵᠠᠷ ᠰᠢᠷᠣᠢ ᠶᠢᠨ ᠤᠤᠯ ᠤᠨ ᠬᠡᠷᠡᠭᠯᠡᠯᠲᠡ ᠶᠢ ᠬᠡᠪ ᠢᠶᠠᠷ ᠪᠠᠶᠢᠯᠭᠠᠵᠤ᠂ ᠡᠷᠬᠡ ᠶᠢᠨ ᠲᠥᠷᠥᠯ ᠵᠦᠢᠯ ᠢ ᠬᠤᠪᠢᠷᠠᠭᠤᠯᠬᠤ ᠦᠭᠡᠢ᠂ 5 ᠵᠢᠯ ᠤᠨ ᠬᠤᠭᠤᠴᠠᠭ᠎ᠠ ᠲᠤᠯᠤᠭᠰᠠᠨ ᠤ ᠳᠠᠷᠠᠭ᠎ᠠ ᠬᠠᠮᠢᠶ᠎ᠠ ᠪᠦᠬᠦᠢ ᠭᠠᠵᠠᠷ ᠬᠡᠷᠡᠭᠯᠡᠬᠦ ᠭᠠᠷᠳᠠᠮ ᠢ ᠦᠨᠡᠬᠡᠷ ᠭᠦᠢᠴᠡᠳᠬᠡᠬᠦ ᠴᠢᠬᠤᠯᠠ ᠲᠠᠢ ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠭᠦᠢᠴᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠬᠤᠶᠠᠷ᠂ ᠮᠥᠩᠭᠦᠨ ᠭᠦᠢᠯᠭᠡᠭᠡᠨ ᠤ ᠦᠢᠯᠡᠰ      ︵ᠠᠷᠪᠠ︶ ᠪᠠᠩᠬᠢ ᠪᠠ ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠵᠣᠯᠭᠠᠭᠤᠯᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠣᠯᠣᠮᠵᠢᠲᠤ ᠴᠢᠨᠠᠷ ᠪᠠ ᠲᠥᠬᠦᠮ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶      ︵ᠠᠷᠪᠠᠨ ᠨᠢᠭᠡ︶ ᠰᠢᠨ᠎ᠡ ᠪᠠᠷ ᠪᠠᠶᠢᠭᠤᠯᠤᠭᠰᠠᠨ ᠪᠤᠶᠤ ᠰᠢᠨ᠎ᠡ ᠪᠠᠷ ᠨᠡᠭᠦᠵᠦ ᠢᠷᠡᠭᠰᠡᠨ ᠬᠠᠤᠯᠢ ᠶᠢᠨ ᠡᠷᠬᠡᠲᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠠᠩᠰᠠᠯᠠᠭᠤᠯᠤᠭᠰᠠᠨ ᠬᠥᠷᠥᠩᠭᠡ ᠶᠢᠨ 1% ᠪᠠᠷ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠣᠯᠭᠤᠨ᠎ᠠ︔ ᠪᠠᠩᠬᠢ ᠶᠢᠨ ᠪᠠᠶᠢᠭᠤᠯᠤᠮᠵᠢ ᠶᠢᠨ ᠶᠡᠷᠦᠩᠬᠡᠢ ᠪᠠᠩᠬᠢ ᠶᠢᠨ ᠲᠠᠰ ᠤᠨ ᠠᠵᠢᠯ ᠦᠢᠯᠡᠰ ᠤᠨ ᠬᠡᠯᠲᠡᠰ᠂ ᠲᠤᠭ᠎ᠠ ᠪᠠᠷᠢᠮᠲᠠ ᠶᠢᠨ ᠲᠥᠪ᠂ ᠬᠠᠭᠤᠯᠤᠨ ᠬᠠᠳᠠᠭᠠᠯᠠᠬᠤ ᠲᠥᠪ᠂ ᠰᠤᠳᠤᠯᠤᠨ ᠨᠡᠭᠡᠭᠡᠬᠦ ᠲᠥᠪ ᠵᠡᠷᠭᠡ ᠪᠠᠶᠢᠭᠤᠯᠤᠮᠵᠢ ᠣᠷᠣᠵᠤ ᠰᠠᠭᠤᠪᠠᠯ ᠠᠳᠠᠯᠢ ᠬᠠᠷᠢᠴᠠᠯ ᠤᠨ ᠨᠥᠬᠦᠪᠦᠷᠢ ᠬᠦᠷᠲᠡᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠨᠥᠬᠦᠪᠦᠷᠢ ᠭᠥᠷᠳᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠬᠤᠶᠠᠷ︶ ᠮᠠᠨ ᠤ ᠬᠤᠲᠠ ᠳᠤ ᠰᠢᠨ᠎ᠡ ᠪᠠᠷ ᠪᠠᠶᠢᠭᠤᠯᠤᠭᠰᠠᠨ ᠪᠤᠶᠤ ᠰᠢᠨ᠎ᠡ ᠪᠠᠷ ᠨᠡᠭᠦᠨ ᠢᠷᠡᠭᠰᠡᠨ ᠳᠠᠭᠠᠳᠬᠠᠯ᠂ ᠲᠡᠮᠳᠡᠭᠲᠦ᠂ ᠬᠤᠭᠤᠴᠠᠭᠠᠲᠤ ᠪᠠᠷᠠᠭ᠎ᠠ᠂ ᠢᠳᠡᠭᠡᠮᠵᠢ ᠵᠡᠷᠭᠡ ᠪᠠᠶᠢᠭᠤᠯᠤᠮᠵᠢ ᠶᠢᠨ ᠬᠤᠪᠢᠶᠠᠷᠢ ᠺᠣᠮᠫᠠᠨᠢ ᠳᠤ 20 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ᠂ ᠬᠤᠳᠠᠯᠳᠤᠭᠠᠨ ᠤ ᠲᠠᠭᠠᠭᠠᠨ ᠶᠠᠪᠤᠭᠳᠠᠭᠤᠯᠬᠤ᠂ ᠰᠠᠭᠤᠷᠢ ᠮᠥᠩᠭᠦᠨ ᠤ ᠺᠣᠮᠫᠠᠨᠢ ᠳᠤ ᠺᠣᠮᠫᠠᠨᠢ ᠶᠢᠨ ᠪᠣᠳᠠᠲᠠᠢ ᠬᠤᠷᠢᠶᠠᠵᠤ ᠣᠯᠣᠭᠰᠠᠨ ᠬᠥᠷᠥᠩᠭᠡ ᠶᠢᠨ 0.3% ᠪᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠰᠢᠨ᠎ᠡ ᠪᠠᠷ ᠨᠡᠭᠦᠨ ᠢᠷᠡᠭᠰᠡᠨ ᠪᠥᠭᠡᠳ ᠪᠣᠳᠠᠲᠠᠢ ᠴᠤᠭᠯᠠᠭᠤᠯᠤᠭᠰᠠᠨ ᠪᠡᠯᠡ ᠮᠥᠩᠭᠦ ᠨᠢ 5000 ᠲᠦᠮᠡᠨ ᠲᠥᠭᠦᠷᠢᠭ ᠠᠴᠠ ᠳᠣᠣᠷ᠎ᠠ ᠦᠭᠡᠢ ᠰᠲ᠋ᠣᠺ ᠤᠨ ᠡᠷᠬᠡᠲᠦ  ᠪᠡᠯᠡ ᠣᠷᠣᠭᠤᠯᠤᠯᠲᠠ ᠶᠢᠨ ᠠᠵᠤ ᠠᠬᠤᠶᠢᠯᠠᠯ ︵ᠲᠦᠭᠰᠢᠭᠦᠷᠢᠲᠡᠢ ᠪᠡᠯᠡ ᠣᠷᠣᠭᠤᠯᠤᠯᠲᠠ ᠶᠢ ᠪᠠᠭᠲᠠᠭᠠᠨ᠎ᠠ︶ ᠳᠤ᠂ ᠲᠡᠭᠦᠨ ᠤ ᠠᠩᠬᠠᠨ ᠤ ᠬᠤᠭᠤᠴᠠᠭᠠᠨ ᠤ ᠪᠣᠳᠠᠲᠠᠢ ᠪᠡᠯᠡ ᠣᠷᠣᠭᠤᠯᠤᠭᠰᠠᠨ ᠲᠤᠭ᠎ᠠ ᠶᠢᠨ 0.5% ᠶᠢᠨ ᠬᠠᠷᠢᠴᠠᠯ ᠢᠶᠠᠷ ᠨᠡᠭᠡᠭᠡᠨ ᠡᠷᠬᠢᠯᠡᠬᠦ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨ᠎ᠠ᠃ ᠲᠤᠰ ᠵᠢᠯ ᠳᠤ ᠮᠠᠨ ᠤ ᠬᠤᠲᠠ ᠶᠢᠨ ᠠᠵᠤ ᠠᠬᠤᠶᠢᠯᠠᠯ ᠳᠤ ᠣᠷᠣᠭᠤᠯᠤᠭᠰᠠᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 5000 ᠲᠦᠮᠡᠨ ᠲᠥᠭᠦᠷᠢᠭ ᠢ ᠳᠠᠪᠠᠭᠰᠠᠨ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠲᠤᠰ ᠵᠢᠯ ᠤᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠶᠢᠨ 1% ᠶᠢᠨ ᠬᠠᠷᠢᠴᠠᠯ ᠢᠶᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠥᠷᠪᠡ︶ ᠳᠤᠮᠳᠠ ᠵᠢᠵᠢᠭ ᠠᠵᠤ ᠠᠬᠤᠶᠢᠯᠠᠯ ᠤᠨ ᠬᠠᠮᠲᠤᠷᠠᠭᠰᠠᠨ ᠵᠢᠭᠡᠯᠡᠯᠭᠡ ᠶᠢᠨ ᠲᠡᠮᠳᠡᠭᠲᠦ᠂ ᠬᠤᠪᠢ ᠶᠢᠨ ᠵᠢᠭᠡᠯᠡᠯᠭᠡ ᠶᠢᠨ ᠲᠡᠮᠳᠡᠭᠲᠦ᠂ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ ᠦᠢᠯᠡᠰ ᠴᠣᠭᠴᠠᠯᠠᠨ ᠰᠢᠨ᠎ᠡ ᠶᠢ ᠡᠭᠦᠳᠬᠦ ᠵᠢᠭᠡᠯᠡᠯᠭᠡ ᠶᠢᠨ ᠲᠡᠮᠳᠡᠭᠲᠦ ᠵᠡᠷᠭᠡ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠪᠠᠷ ᠲᠠᠷᠬᠠᠭᠠᠭᠰᠠᠨ ᠠᠵᠤ ᠠᠬᠤᠶᠢᠯᠠᠯ ᠳᠤ ᠵᠢᠭᠡᠯᠡᠯᠭᠡ ᠲᠠᠷᠬᠠᠭᠠᠭᠰᠠᠨ ᠲᠤᠭ᠎ᠠ ᠶᠢᠨ 2% ᠢᠶᠠᠷ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠲᠠᠪᠤ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠬᠦᠴᠢᠷᠳᠡᠯᠲᠡᠢ ᠠᠵᠢᠯ ᠲᠥᠷᠥᠯ ᠤᠨ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠣᠯᠭᠤᠬᠤ ᠵᠢᠭᠡᠯᠡᠯᠭᠡ ᠪᠠᠨ ᠨᠡᠮᠡᠭᠳᠡᠭᠦᠯᠬᠦ ᠶᠢ ᠳᠡᠮᠵᠢᠨ᠎ᠡ᠃ ᠠᠩᠬᠠᠨ ᠤ ᠵᠢᠭᠡᠯᠡᠯᠭᠡ ᠶᠢ ᠨᠡᠮᠡᠭᠳᠡᠭᠦᠯᠵᠦ᠂ ᠲᠣᠭᠲᠠᠭᠤᠨ ᠢᠶᠠᠷ ᠦᠷᠭᠦᠯᠵᠢᠯᠡᠨ ᠵᠢᠭᠡᠯᠡᠭᠦᠯᠦᠨ᠎ᠡ᠃ ᠦᠷᠭᠦᠯᠵᠢᠯᠡᠨ ᠵᠢᠭᠡᠯᠡᠯᠭᠡ ᠠᠪᠬᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠬᠡᠪ ᠤᠨ ᠦᠷᠭᠦᠯᠵᠢᠯᠡᠨ ᠵᠢᠭᠡᠯᠡᠯᠭᠡ ᠲᠠᠯᠪᠢᠬᠤ ᠲᠤᠬᠠᠶᠢᠯᠠᠭᠰᠠᠨ ᠠᠵᠢᠯ ᠢᠶᠠᠷ ᠭᠦᠢᠴᠡᠳᠬᠡᠵᠦ᠂ ᠰᠣᠬᠤᠷ ᠪᠠᠯᠠᠢ ᠪᠠᠷ ᠵᠢᠭᠡᠯᠡᠯᠭᠡ ᠪᠠᠨ ᠬᠠᠶᠢᠷᠠᠯᠠᠵᠤ᠂ ᠵᠢᠭᠡᠯᠡᠯᠭᠡ ᠪᠠᠨ ᠤᠷᠢᠳᠴᠢᠯᠠᠨ ᠪᠤᠴᠠᠭᠠᠨ ᠠᠪᠴᠤ᠂ ᠵᠢᠭᠡᠯᠡᠯᠭᠡ ᠪᠠᠨ ᠵᠣᠭᠰᠣᠭᠠᠵᠤ᠂ ᠵᠢᠭᠡᠯᠡᠯᠭᠡ ᠪᠠᠨ ᠳᠠᠷᠤᠵᠤ ᠪᠣᠯᠬᠤ ᠦᠭᠡᠢ᠂ 2022 ᠣᠨ ᠤ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ 2021 ᠣᠨ ᠤ ᠠᠳᠠᠯᠢ ᠬᠤᠭᠤᠴᠠᠭᠠᠨ ᠤ ᠬᠢᠷᠢ ᠬᠡᠮᠵᠢᠶ᠎ᠡ ᠠᠴᠠ ᠥᠨᠳᠥᠷ ᠪᠠᠶᠢᠯᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶      ︵ᠠᠷᠪᠠᠨ ᠵᠢᠷᠭᠤᠭ᠎ᠠ︶ ᠪᠡᠯᠡ ᠮᠥᠩᠭᠦ ᠪᠠᠷ ᠱᠠᠩᠨᠠᠵᠤ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠮᠠᠨ ᠤ ᠬᠤᠲᠠ ᠳᠤ ᠨᠡᠭᠦᠵᠦ ᠢᠷᠡᠭᠰᠡᠨ ᠬᠥᠷᠥᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠢ ᠬᠤᠲᠠ ᠶᠢᠨ ᠲᠤᠰ ᠱᠠᠲᠤᠨ ᠠᠴᠠ ᠨᠢᠭᠡ ᠤᠳᠠᠭ᠎ᠠ ᠶᠢᠨ ᠴᠢᠨᠠᠷᠲᠠᠢ 1000 ᠲᠦᠮᠡᠨ ᠲᠥᠭᠦᠷᠢᠭ ᠢᠶᠠᠷ ᠱᠠᠩᠨᠠᠨ᠎ᠠ᠃ ᠮᠠᠨ ᠤ ᠬᠤᠲᠠ ᠶᠢᠨ ᠠᠩᠬ᠎ᠠ ᠬᠥᠷᠥᠩᠭᠡ ᠶᠢᠨ ᠵᠠᠬ᠎ᠠ ᠳᠤ ᠭᠠᠷᠬᠤ ᠠᠵᠤ ᠠᠬᠤᠶᠢᠯᠠᠯ ᠳᠤ᠂ ᠵᠠᠬ᠎ᠠ ᠳᠤ ᠭᠠᠷᠬᠤ ᠪᠠᠷ ᠪᠡᠯᠡᠳᠬᠡᠬᠦ ᠶᠠᠪᠤᠴᠠ ᠳᠤ᠂ ᠬᠤᠲᠠ ᠶᠢᠨ ᠲᠣᠰ ᠱᠠᠲᠤᠨ ᠠᠴᠠ ᠱᠠᠲᠤ ᠬᠤᠪᠢᠶᠠᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠵᠤ᠂ ᠱᠠᠩᠨᠠᠯ ᠨᠥᠬᠦᠪᠦᠷᠢ ᠶᠢᠨ ᠲᠤᠭ᠎ᠠ ᠶᠢ ᠨᠡᠶᠢᠯᠡᠭᠡᠳ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠠᠵᠤ ᠠᠬᠤᠶᠢᠯᠠᠯ ᠬᠥᠷᠥᠩᠭᠡ ᠶᠢᠨ ᠵᠠᠬ᠎ᠠ ᠳᠤ ᠭᠠᠷᠤᠭᠰᠠᠨ ᠤ ᠲᠠᠷᠠᠭ᠎ᠠ᠂ ᠠᠵᠤ ᠠᠬᠤᠶᠢᠯᠠᠯ ᠤᠨ ᠲᠠᠬᠢᠭᠠᠳ ᠪᠠᠰᠠ ᠥᠪᠡᠷᠲᠡᠭᠡᠨ ᠵᠠᠰᠠᠬᠤ ᠣᠷᠣᠨ ᠤ ᠬᠥᠷᠥᠩᠭᠡ ᠶᠢᠨ ᠵᠠᠬ᠎ᠠ ᠳᠤ ᠭᠠᠷᠬᠤ 500 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢ ᠬᠦᠷᠲᠡᠬᠦ ᠳᠤ ᠢᠳᠡᠪᠬᠢᠲᠡᠢ ᠬᠠᠪᠰᠤᠷᠤᠨ᠎ᠠ᠃ ᠬᠤᠲᠠ ᠶᠢᠨ ᠲᠣᠰ ᠱᠠᠲᠤᠨ ᠤ ᠱᠠᠲᠤ ᠬᠤᠪᠢᠶᠠᠨ ᠱᠠᠩᠨᠠᠵᠤ ᠨᠥᠬᠦᠪᠦᠷᠢᠯᠡᠬᠦ ᠨᠢ ᠳᠣᠣᠷᠠᠬᠢ ᠮᠡᠲᠦ᠄ ᠠᠵᠤ ᠠᠬᠤᠶᠢᠯᠠᠯ  ᠨᠢ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠠᠩᠰᠠᠯᠠᠯᠲᠠ ᠶᠢ ᠥᠩᠭᠡᠷᠡᠭᠡᠭᠰᠡᠨ ᠤ ᠳᠠᠷᠠᠭ᠎ᠠ᠂ 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠠᠵᠤ ᠠᠬᠤᠶᠢᠯᠠᠯ ᠲᠡᠮᠳᠡᠭᠲᠦ ᠶᠢᠨ ᠭᠤᠣᠯ ᠳᠠᠭᠠᠭᠠᠨ ᠪᠣᠷᠣᠯᠠᠭᠤᠯᠬᠤ ᠬᠤᠳᠠᠯᠳᠤᠭᠠᠴᠢᠨ ᠢᠶᠠᠷ ᠳᠠᠮᠵᠢᠭᠤᠯᠤᠨ ᠬᠥᠷᠥᠩᠭᠡ ᠶᠢᠨ ᠵᠠᠬ᠎ᠠ ᠳᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠠᠴᠠ ᠭᠥᠯᠢᠶᠡᠨ ᠠᠪᠤᠭᠰᠠᠨ ᠤ ᠳᠠᠷᠠᠭ᠎ᠠ᠂ ᠲᠠᠬᠢᠭᠠᠳ ᠳᠡᠭᠡᠷ᠎ᠡ ᠨᠢ 200 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ︔ ᠠᠵᠤ ᠠᠬᠤᠶᠢᠯᠠᠯ ᠨᠢ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠲᠠᠷᠬᠠᠭᠠᠬᠤ ᠶᠢ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠬᠠᠷᠭᠤᠭᠤᠯᠭ᠎ᠠ ᠶᠢ ᠥᠩᠭᠡᠷᠡᠭᠡᠨ ᠬᠥᠷᠥᠩᠭᠡ ᠶᠢᠨ ᠵᠠᠬ᠎ᠠ ᠳᠤ ᠵᠢᠩᠬᠢᠨᠢ ᠪᠠᠷ ᠭᠠᠷᠬᠤ ᠳᠤ᠂ ᠲᠠᠬᠢᠭᠠᠳ ᠳᠡᠭᠡᠷ᠎ᠡ ᠨᠢ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ᠱᠧᠨᠵᠧᠨ ᠤ ᠠᠷᠠᠯᠵᠢᠶᠠᠨ ᠤ ᠭᠠᠵᠠᠷ ᠤᠨ ᠦᠢᠯᠡᠰ ᠴᠣᠭᠴᠠᠯᠠᠬᠤ ᠰᠠᠮᠪᠠᠷ᠎ᠠ᠂ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠳᠤ ᠳᠠᠩᠰᠠᠯᠠᠭᠤᠯᠬᠤ ᠳᠦᠷᠢᠮ ᠢᠶᠠᠷ ᠬᠦᠷᠦᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠳᠤ᠂ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠠᠩᠰᠠᠯᠠᠯᠲᠠ ᠶᠢ ᠥᠩᠭᠡᠷᠡᠭᠡᠭᠰᠡᠨ ᠤ ᠳᠠᠷᠠᠭ᠎ᠠ᠂ 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠠᠵᠤ ᠠᠬᠤᠶᠢᠯᠠᠯ ᠲᠡᠮᠳᠡᠭᠲᠦ ᠶᠢᠨ ᠭᠤᠣᠯ ᠳᠠᠭᠠᠭᠠᠨ ᠪᠣᠷᠣᠯᠠᠭᠤᠯᠬᠤ ᠬᠤᠳᠠᠯᠳᠤᠭᠠᠴᠢᠨ ᠢᠶᠠᠷ ᠳᠠᠮᠵᠢᠭᠤᠯᠤᠨ ᠵᠠᠬ᠎ᠠ ᠳᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠲᠤᠮᠳᠠᠳᠤ ᠤᠯᠤᠰ ᠤᠨ ᠳᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠬᠦᠯᠢᠶᠡᠨ ᠠᠪᠤᠭᠰᠠᠨ ᠤ ᠳᠠᠷᠠᠭ᠎ᠠ᠂ ᠲᠠᠬᠢᠭᠠᠳ ᠳᠡᠭᠡᠷ᠎ᠡ ᠨᠢ 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ ᠬᠥᠷᠥᠩᠭᠡ ᠶᠢᠨ ᠵᠠᠬ᠎ᠠ ᠳᠤ ᠵᠢᠩᠬᠢᠨᠢ ᠪᠠᠷ ᠭᠠᠷᠤᠭᠰᠠᠨ ᠤ ᠳᠠᠷᠠᠭ᠎ᠠ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ᠰᠢᠨ᠎ᠡ ᠭᠤᠷᠪᠠᠳᠤᠭᠠᠷ ᠰᠠᠮᠪᠠᠷ᠎ᠠ ᠶᠢᠨ ᠰᠣᠳᠣᠨ ᠳᠠᠪᠬᠤᠷᠭ᠎ᠠ ᠳᠤ ᠭᠠᠷᠤᠭᠰᠠᠨ ᠠᠵᠤ ᠠᠬᠤᠶᠢᠯᠠᠯ ᠢ 300 ᠲᠦᠮᠡᠨ ᠲᠥᠭᠦᠷᠢᠭ ᠢᠶᠠᠷ ᠱᠠᠩᠨᠠᠨ᠎ᠠ᠃ ᠮᠠᠨ ᠤ ᠬᠤᠲᠠ ᠶᠢᠨ ᠬᠢᠯᠢ ᠶᠢᠨ ᠭᠠᠳᠠᠨᠠᠬᠢ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ︵ᠨᠢᠦ᠋ ᠶᠣᠷᠺ ᠤᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠠᠷᠠᠯᠵᠢᠶᠠᠨ ᠤ ᠭᠠᠵᠠᠷ ᠵᠡᠷᠭᠡ︶ ᠲᠤ ᠠᠩᠬ᠎ᠠ ᠤᠳᠠᠭ᠎ᠠ ᠢᠯᠡ ᠪᠠᠷ ᠰᠲ᠋ᠣᠺ ᠲᠠᠷᠬᠠᠭᠠᠵᠤ ᠵᠠᠬ᠎ᠠ ᠳᠤ ᠭᠠᠷᠤᠭᠰᠠᠨ ᠠᠵᠤ ᠠᠬᠤᠶᠢᠯᠠᠯ ᠳᠤ᠂ ᠨᠢᠭᠡ ᠤᠳᠠᠭ᠎ᠠ ᠶᠢᠨ ᠴᠢᠨᠠᠷᠲᠠᠢ 500 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠣᠯᠤᠭ᠎ᠠ︶ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ  ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠬᠢᠭᠦᠯᠦᠨ ᠰᠠᠶᠢᠰᠢᠶᠠᠬᠤ ᠪᠤᠶᠤ ᠨᠢᠭᠡ ᠤᠳᠠᠭ᠎ᠠ ᠶᠢᠨ ᠴᠢᠨᠠᠷᠲᠠᠢ ᠱᠠᠩᠨᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠯᠲᠠ ᠶᠢᠨ ᠱᠠᠩᠨᠠᠯ ᠲᠣᠬᠢᠷᠠᠭᠤᠯᠵᠤ᠂ ᠵᠢᠯ ᠪᠦᠷᠢ ᠨᠢᠭᠡ ᠤᠳᠠᠭ᠎ᠠ ᠰᠢᠯᠭᠠᠷᠠᠭᠤᠯᠤᠨ᠎ᠠ᠃ ᠪᠠᠩᠬᠢ ᠶᠢᠨ ᠪᠠᠶᠢᠭᠤᠯᠤᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ ᠭᠤᠣᠯᠳᠠᠭᠤ ᠣᠨ ᠤ ᠢᠲᠡᠭᠡᠮᠵᠢᠲᠦ ᠵᠢᠭᠡᠯᠡᠯᠭᠡ ᠶᠢᠨ ᠠᠳᠠᠯᠢ ᠬᠤᠭᠤᠴᠠᠭᠠᠨ ᠤ  ᠬᠢ ᠠᠴᠠ ᠨᠡᠮᠡᠭᠳᠡᠭᠰᠡᠨ ᠬᠡᠮᠵᠢᠶ᠎ᠡ᠂ ᠨᠡᠮᠡᠭᠳᠡᠯ ᠤᠨ ᠬᠤᠷᠳᠤᠴᠠ᠂ ᠢᠳᠡᠭᠡᠮᠵᠢ᠂ ᠰᠠᠭᠤᠷᠢ ᠮᠥᠩᠭᠦ ᠵᠡᠷᠭᠡ ᠶᠢ ᠲᠠᠯᠪᠢᠭᠰᠠᠨ ᠬᠡᠮᠵᠢᠶ᠎ᠡ ᠪᠠ ᠮᠠᠨ ᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠲᠡᠳᠬᠦᠭᠰᠡᠨ ᠡᠷᠴᠢᠮ ᠢ ᠦᠵᠡᠵᠦ᠂ ᠶᠡᠷᠦᠩᠬᠡᠢ ᠨᠡᠷᠡᠰ ᠤᠨ ᠵᠢᠭᠰᠠᠭᠠᠯᠲᠠ ᠶᠢᠨ ᠡᠮᠦᠨ᠎ᠡ ᠭᠤᠷᠪᠠ ᠳᠤ ᠵᠢᠭᠰᠠᠭᠠᠭᠳᠠᠭᠰᠠᠨ ᠮᠥᠷᠲᠡᠭᠡᠨ ᠪᠥᠬᠦ ᠬᠤᠲᠠ ᠶᠢᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠩᠬᠢ ᠶᠢᠨ ᠪᠠᠶᠢᠭᠤᠯᠤᠮᠵᠢ ᠶᠢ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠱᠠᠩᠨᠠᠨ᠎ᠠ᠃ ᠣᠨ ᠤ ᠰᠢᠨ᠎ᠡ ᠪᠠᠷ ᠨᠡᠮᠡᠭᠳᠡᠭᠰᠡᠨ ᠳᠠᠭᠠᠳᠬᠠᠯ ᠤᠨ ᠰᠦᠢᠳᠬᠡᠯ ᠤᠨ ᠣᠷᠣᠯᠭ᠎ᠠ ᠨᠢ ᠡᠮᠦᠨ᠎ᠡ ᠭᠤᠷᠪᠠ ᠳᠤ ᠵᠢᠭᠰᠠᠭᠠᠭᠳᠠᠭᠰᠠᠨ ᠳᠠᠭᠠᠳᠬᠠᠯ ᠤᠨ ᠪᠠᠶᠢᠭᠤᠯᠤᠮᠵᠢ ᠶᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ᠃ ᠲᠣᠪᠣᠶᠢᠮ᠎ᠠ ᠬᠤᠪᠢ ᠨᠡᠮᠡᠷᠢ ᠲᠠᠢ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠮᠥᠩᠭᠦᠨ ᠭᠦᠢᠯᠭᠡᠭᠡᠨ ᠤ ᠲᠥᠷᠥᠯ ᠤᠨ ᠪᠠᠶᠢᠭᠤᠯᠤᠮᠵᠢ ᠳᠤ ᠵᠣᠬᠢᠬᠤ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠰᠣᠶᠣᠯ ᠵᠢᠭᠤᠯᠴᠢᠯᠠᠯ ᠤᠨ ᠦᠢᠯᠡᠰ      ︵ᠠᠷᠪᠠᠨ ᠨᠠᠢᠮᠠ︶ ᠵᠢᠱᠢᠶ᠎ᠡ ᠦᠵᠡᠭᠦᠯᠬᠦ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠤᠯᠤᠰ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠪᠠ ᠤᠯᠤᠰ ᠤᠨ ᠲᠠᠰ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠠᠭᠤᠰᠤᠯᠴᠠᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠴᠣᠯᠠ ᠶᠢ ᠰᠢᠨ᠎ᠡ ᠪᠠᠷ ᠣᠯᠣᠭᠰᠠᠨ ᠲᠥᠷᠥᠯ ᠵᠦᠢᠯ ᠳᠤ ᠤᠯᠤᠰ ᠤᠨ ᠲᠠᠰ ᠤᠨ ᠬᠢ ᠶᠢ ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢ ᠶᠢ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ ᠶᠢᠰᠦ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠪᠠᠷ ᠦᠨᠡᠯᠡᠨ ᠲᠣᠭᠲᠠᠭᠠᠭᠰᠠᠨ ᠤᠯᠤᠰ ᠤᠨ 4A5A ᠦᠵᠡᠮᠵᠢ ᠶᠢᠨ ᠣᠷᠣᠨ ᠢ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ 200 ᠲᠦᠮᠡᠨ ᠲᠥᠭᠦᠷᠢᠭ᠂ 500 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢ︶ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠲᠣᠭᠤᠷᠢᠭ ᠪᠣᠯᠭᠠᠨ ᠡᠭᠦᠳᠦᠨ ᠪᠠᠶᠢᠭᠤᠯᠤᠭᠰᠠᠨ ᠳᠤ ᠨᠢᠭᠡ ᠤᠳᠠᠭ᠎ᠠ ᠶᠢᠨ ᠴᠢᠨᠠᠷᠲᠠᠢ 500 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ︽ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠣᠷᠣᠨ︾ ᠢᠶᠠᠷ ᠦᠨᠡᠯᠡᠭᠳᠡᠭᠰᠡᠨ ᠳᠤ ᠨᠢᠭᠡ ᠤᠳᠠᠭ᠎ᠠ ᠶᠢᠨ ᠴᠢᠨᠠᠷᠲᠠᠢ 300 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠨᠢᠭᠡ︶ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠳᠦᠷᠢᠮ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠪᠣᠯᠪᠠᠰᠤᠷᠠᠭᠤᠯᠤᠯ ᠤᠨ ᠨᠥᠬᠦᠪᠦᠷᠢ ᠶᠢ ᠤᠳᠠᠭ᠎ᠠ ᠪᠣᠯᠭᠠᠨ ᠣᠯᠭᠤᠨ᠎ᠠ ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠥᠷᠪᠡ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ      ︵ᠬᠤᠷᠢᠨ ᠬᠤᠶᠠᠷ︶ ᠮᠡᠳᠡᠭᠦᠯᠦᠭᠡᠳ ᠤᠯᠤᠰ ᠤᠨ ᠲᠠᠰ ᠤᠨ ᠲᠤᠷᠰᠢᠯᠲᠠ ᠶᠢᠨ ᠶᠠᠪᠠᠭᠠᠨ ᠵᠡᠭᠡᠯᠢ  ᠪᠣᠯᠤᠭᠰᠠᠨ  ᠳᠤ᠂ ᠬᠤᠲᠠ ᠶᠢᠨ ᠵᠠᠰᠠᠭ ᠤᠨ ᠣᠷᠳᠣᠨ ᠠᠴᠠ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠢ 300 ᠲᠦᠮᠡᠨ ᠲᠥᠭᠦᠷᠢᠭ ᠢᠶᠠᠷ ᠱᠠᠩᠨᠠᠨ᠎ᠠ︔ ᠮᠡᠳᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠣᠯᠤᠭᠰᠠᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠲᠤ ᠬᠤᠲᠠ ᠶᠢᠨ ᠵᠠᠰᠠᠭ ᠤᠨ ᠣᠷᠳᠣᠨ ᠠᠴᠠ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠢ 100 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠭᠤᠷᠪᠠ︶ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠲᠥᠯᠥᠪᠵᠢᠭᠦᠯᠬᠦ ᠠᠵᠢᠯ ᠢ ᠲᠡᠮᠵᠢᠵᠤ᠂ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠠᠷ ᠦᠨᠡᠯᠡᠭᠳᠡᠭᠰᠡᠨ ᠵᠡᠭᠡᠯᠢ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠳᠤ ᠶᠠᠪᠠᠭᠠᠨ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵ᠲᠥᠰᠥᠯ︶ ᠶᠢᠨ ᠵᠠᠷᠤᠳᠠᠯ ᠤᠨ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ ᠲᠥᠯᠦᠪᠵᠢᠭᠦᠯᠭᠡ ︵ᠲᠥᠰᠥᠯ︶ ᠶᠢ ᠭᠠᠷᠭᠠᠬᠤ ᠭᠡᠷ᠎ᠡ ᠶᠢᠨ ᠵᠣᠭᠤᠰ ᠤᠨ ᠭᠤᠷᠪᠠᠨ ᠤ ᠨᠢᠭᠡ ᠪᠠᠷ ᠲᠣᠭᠲᠠᠵᠤ᠂ ᠨᠥᠬᠦᠪᠦᠷᠢ ᠮᠥᠩᠭᠦ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠳᠥᠷᠪᠡ︶ ᠳᠡᠯᠭᠡᠭᠦᠷ ᠤᠨ ᠲᠤᠭ᠎ᠠ ᠪᠠᠨ ᠥᠷᠭᠡᠳᠬᠡᠬᠦ ᠶᠢ ᠳᠡᠮᠵᠢᠨ᠎ᠡ᠃ ᠮᠠᠨ ᠤ ᠬᠤᠲᠠ ᠳᠤ ᠪᠠᠶᠢᠭ᠎ᠠ ᠰᠢᠭᠤᠳ ᠡᠵᠡᠩᠨᠡᠯᠲᠡ ᠪᠤᠶᠤ ᠬᠤᠯᠪᠣᠭᠠᠨ ᠤ ᠳᠡᠯᠭᠡᠭᠦᠷ ᠤᠨ ᠲᠤᠭ᠎ᠠ ᠨᠢ 30 ᠶᠢ ᠳᠠᠪᠠᠭᠰᠠᠨ ᠲᠥᠷᠥᠯ ᠲᠡᠮᠳᠡᠭᠲᠦ ᠬᠡᠯᠬᠢᠶ᠎ᠡ ᠲᠥᠳᠡ ᠠᠵᠤ ᠠᠬᠤᠶᠢᠯᠠᠯ ᠳᠤ᠂ ︽ᠵᠢᠷᠭᠤᠭᠠᠨ ᠨᠢᠭᠡᠳᠦᠯᠲᠡᠢ︾ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ 50 ᠲᠡᠭᠰᠢ ᠳᠥᠷᠪᠡᠯᠵᠢᠨ ᠮᠧᠲᠷ ᠠᠴᠠ ᠪᠠᠭ᠎ᠠ ᠦᠭᠡᠢ ᠲᠠᠯᠠᠪᠠᠢ ᠲᠠᠢ ᠮᠥᠷᠲᠡᠭᠡᠨ ᠡᠵᠡᠩᠨᠡᠭᠰᠡᠨ ᠬᠤᠭᠤᠴᠠᠭ᠎ᠠ ᠨᠢ ᠨᠢᠭᠡ ᠵᠢᠯ ᠠᠴᠠ ᠳᠣᠣᠷ᠎ᠠ ᠦᠭᠡᠢ ᠰᠢᠨ᠎ᠡ ᠪᠠᠷ ᠨᠡᠭᠡᠭᠡᠭᠰᠡᠨ ᠰᠢᠭᠤᠳ ᠡᠵᠡᠩᠨᠡᠯᠲᠡ ᠶᠢᠨ ᠳᠡᠯᠭᠡᠭᠦᠷ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠢ 2 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ 50 ᠲᠡᠭᠰᠢ ᠳᠥᠷᠪᠡᠯᠵᠢᠨ ᠮᠧᠲᠷ ᠠᠴᠠ ᠪᠠᠭ᠎ᠠ ᠦᠭᠡᠢ ᠮᠥᠷᠲᠡᠭᠡᠨ ᠡᠵᠡᠩᠨᠡᠭᠰᠡᠨ ᠬᠤᠭᠤᠴᠠᠭ᠎ᠠ ᠨᠢ ᠨᠢᠭᠡ ᠵᠢᠯ ᠠᠴᠠ ᠳᠣᠣᠷ᠎ᠠ ᠦᠭᠡᠢ ᠬᠤᠯᠪᠣᠭᠠᠨ ᠤ ᠳᠡᠯᠭᠡᠭᠦᠷ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠢ 1 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ ᠳᠡᠭᠡᠷᠡᠬᠢ ᠭᠠᠭᠴᠠ ᠬᠡᠯᠬᠢᠶ᠎ᠡ ᠠᠵᠤ ᠠᠬᠤᠶᠢᠯᠠᠯ ᠤᠨ ᠵᠢᠯ ᠪᠦᠷᠢ ᠶᠢᠨ ᠭᠥᠷᠳᠡᠬᠦ ᠲᠣᠰ ᠵᠦᠢᠯ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ  ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠲᠠᠪᠤ︶ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠳᠤ ᠣᠷᠣᠵᠤ ᠰᠠᠭᠤᠭᠰᠠᠨ ᠲᠥᠷᠥᠯ ᠲᠡᠮᠳᠡᠭᠲᠦ ᠠᠵᠤ ᠠᠬᠤᠶᠢᠯᠠᠯ ᠢ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠳᠡᠯᠭᠡᠨ ᠦᠵᠡᠭᠦᠯᠬᠦ ᠪᠠᠶᠢᠷᠢ ᠶᠢᠨ ᠰᠦᠢᠳᠬᠡᠯ ᠤᠨ ᠨᠥᠬᠦᠪᠦᠷᠢ ᠣᠯᠭᠤᠳᠠᠭ ᠣᠯᠠᠨ ᠤᠯᠤᠰ ᠤᠨ ᠴᠢᠨᠠᠷᠲᠠᠢ᠂ ᠪᠥᠬᠦ ᠤᠯᠤᠰ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠦᠵᠡᠰᠬᠦᠯᠡᠩ᠂ ᠲᠠᠨᠢᠯᠴᠠᠭᠤᠯᠭ᠎ᠠ ᠶᠢᠨ ᠬᠤᠷᠠᠯ ᠳᠤ ᠤᠷᠢᠳᠠᠪᠠᠷ ᠲᠠᠨᠢᠯᠴᠠᠭᠤᠯᠤᠨ ᠣᠷᠣᠯᠴᠠᠭᠤᠯᠤᠨ᠎ᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠪᠠᠷ ᠠᠴᠢᠶᠠᠯᠠᠪᠤᠷᠢ ᠪᠣᠯᠭᠠᠨ ᠡᠯᠪᠡᠭ ᠪᠠᠶᠠᠯᠢᠭ ᠲᠠᠩᠰᠤᠭ ᠰᠠᠶᠢᠬᠠᠨ ᠠᠮᠲᠠᠲᠤ ᠢᠳᠡᠭᠡᠨ ᠤ ᠪᠠᠶᠠᠷ ᠳᠤᠷᠠᠰᠬᠠᠯ ᠤᠨ  ᠠᠵᠢᠯᠯᠠᠭ᠎ᠠ᠂ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠪᠠ ᠣᠯᠠᠨ ᠤᠯᠤᠰ ᠤᠨ ᠰᠣᠯᠢᠯᠴᠠᠭᠠᠨ ᠤ  ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠵᠢᠷᠭᠤᠭ᠎ᠠ︶ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠷᠭᠦᠯᠵᠢᠯᠡᠨ ᠡᠵᠡᠩᠨᠡᠵᠦ ᠪᠠᠶᠢᠭ᠎ᠠ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠳᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ᠂  ᠠᠷᠢᠭᠤᠳᠬᠠᠯ ᠤᠨ ᠵᠠᠷᠤᠯᠭ᠎ᠠ ᠶᠢᠨ ᠨᠦᠬᠦᠪᠦᠷᠢ ᠦᠭᠴᠦ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠳᠣᠯᠤᠭ᠎ᠠ︶ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠵᠣᠭᠤᠰ ᠤᠨ ᠲᠤᠭ᠎ᠠ ᠨᠢ 10 ᠲᠦᠮᠡᠨ ᠳ᠋ᠣᠯᠯᠠᠷ ᠲᠤ ᠬᠦᠷᠦᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ᠂ ᠠᠷᠠᠯᠵᠢᠶᠠᠨ ᠤ ᠵᠣᠭᠤᠰ ᠤᠨ ᠲᠤᠭ᠎ᠠ ᠶᠢᠨ 5% ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢᠨ ᠨᠠᠢᠮᠠ︶ 20 ᠠᠴᠠ ᠣᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ  ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠢᠯᠡᠴᠢᠯᠡᠵᠦ᠂ ᠵᠢᠯ ᠤᠨ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ 1000 ᠲᠦᠮᠡᠨ ᠳ᠋ᠣᠯᠯᠠᠷ ᠲᠤ ᠬᠦᠷᠦᠭᠰᠡᠨ ᠭᠤᠷᠪᠠᠳᠠᠭᠢ ᠡᠲᠡᠭᠡᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠤ ᠠᠬᠤᠶᠢᠯᠠᠯ ᠳᠤ᠂ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠵᠣᠭᠤᠰ ᠤᠨ ᠲᠤᠭ᠎ᠠ ᠶᠢᠨ 1% ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠠᠶᠢᠬᠠᠨ ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠷᠢ ᠶᠢᠰᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠨᠤᠲᠠᠯᠠᠨ ᠲᠤᠭᠲᠠᠭᠠᠭᠰᠠᠨ ᠮᠥᠷᠲᠡᠭᠡᠨ ᠪᠦᠬᠦᠯᠢ ᠨᠢᠭᠡ ᠵᠢᠯ ᠡᠵᠡᠩᠨᠡᠭᠰᠡᠨ᠂ ᠪᠣᠳᠠᠲᠠᠢ ᠬᠡᠷᠡᠭᠯᠡᠭᠡᠨ ᠤ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠮᠥᠷᠲᠡᠭᠡᠨ ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠢ 20 ᠶᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ᠂ ᠡᠵᠡᠩᠨᠡᠭᠴᠢ ᠶᠢᠨ ᠲᠠᠯ᠎ᠠ ᠳᠤ ᠲᠡᠭᠰᠢ ᠳᠥᠷᠪᠡᠯᠵᠢᠨ ᠮᠧᠲᠷ ᠪᠦᠷᠢ ᠳᠤ ᠠᠷᠠᠳ ᠤᠨ ᠵᠣᠭᠤᠰ ᠢᠶᠠᠷ 100 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ  ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠠᠶᠢᠬᠠᠨ ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢ︶ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠮᠥᠷᠲᠡᠭᠡᠨ ᠪᠦᠬᠦᠯᠢ ᠨᠢᠭᠡ ᠵᠢᠯ ᠡᠵᠡᠩᠨᠡᠭᠰᠡᠨ᠂ ᠵᠢᠯ ᠤᠨ ᠠᠷᠠᠯᠵᠢᠶᠠᠨ ᠤ ᠵᠣᠭᠤᠰ ᠤᠨ ᠲᠤᠭ᠎ᠠ ᠨᠢ 100 ᠲᠦᠮᠡᠨ ᠳ᠋ᠣᠯᠯᠠᠷ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠰᠦᠯᠵᠢᠶᠡᠨ ᠭᠠᠳᠠᠨᠠᠬᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠠᠷᠠᠳ ᠤᠨ ᠵᠣᠭᠤᠰ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠠᠶᠢᠬᠠᠨ ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ      ︵ᠭᠤᠴᠢᠨ ᠨᠢᠭᠡ︶ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠥᠪᠡᠷᠲᠡᠭᠡᠨ ᠵᠠᠰᠠᠬᠤ ᠣᠷᠣᠨ ᠤ ᠳᠡᠮᠵᠢᠬᠦ ᠠᠷᠭ᠎ᠠ ᠮᠠᠶ᠋ᠢᠭ ᠤᠨ ᠶᠣᠰᠣᠭᠠᠷ᠂ 1᠄ 1 ᠶᠢᠨ ᠢᠵᠢ ᠪᠦᠷᠢᠳᠦᠭᠦᠯᠬᠦ ᠵᠠᠷᠤᠳᠠᠯ ᠤᠨ ᠳᠡᠮᠵᠢᠯᠭᠡ ᠣᠯᠭᠤᠨ᠎ᠠ᠃ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠵᠣᠬᠢᠬᠤ ᠢᠵᠢ ᠪᠦᠷᠢᠳᠦᠭᠦᠯᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ︵ᠳᠠᠩᠰᠠᠯᠠᠭᠤᠯᠤᠭᠰᠠᠨ︶ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ ᠲᠥᠪ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠄ ᠰᠢᠨ᠎ᠡ ᠪᠠᠷ ᠵᠥᠪᠰᠢᠶᠡᠷᠡᠭᠳᠡᠭᠰᠡᠨ ︵ᠳᠠᠩᠰᠠᠯᠠᠭᠤᠯᠤᠭᠰᠠᠨ︶ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ ᠤᠳᠠᠭ᠎ᠠ ᠶᠢᠨ ᠴᠢᠨᠠᠷᠲᠠᠢ 200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠤ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠬᠤᠶᠠᠷ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠣᠯᠭᠠᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠲᠣᠰ ᠲᠣᠰ 800 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠵᠠᠷᠤᠳᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ ᠨᠤᠲᠠᠯᠠᠨ ᠲᠤᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠵᠠᠷᠤᠳᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠬᠢᠭᠡᠳ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠳᠤ ᠨᠢᠭᠡ ᠤᠳᠠᠭ᠎ᠠ ᠶᠢᠨ ᠴᠢᠨᠠᠷᠲᠠᠢ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠪᠤᠶᠤ ᠰᠠᠭᠤᠷᠢᠨ ᠭᠠᠵᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠪᠣᠳᠠᠲᠠᠢ ᠤᠯᠠᠷᠢᠭᠤᠯᠤᠨ ᠬᠤᠪᠢᠷᠠᠭᠤᠯᠤᠭᠰᠠᠨ ᠪᠣᠯ 50 ᠲᠦᠮᠡᠨ ᠲᠥᠭᠦᠷᠢᠭ ᠠᠴᠠ 200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠳᠥᠷᠪᠡ︶ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠪᠥᠬᠦᠳᠡ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ︔ ᠰᠢᠨ᠎ᠡ ᠪᠠᠷ ᠳᠠᠩᠰᠠᠯᠠᠭᠤᠯᠤᠭᠰᠠᠨ ᠤᠯᠤᠰ ᠤᠨ  ᠲᠤᠰᠬᠠᠢ ᠮᠡᠷᠭᠡᠵᠢᠯ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ᠂ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠵᠢᠷᠭᠤᠭ᠎ᠠ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ ᠶᠢ ᠣᠯᠣᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠳᠡᠭᠡᠷ᠎ᠡ ᠵᠢᠯ ᠨᠢ ᠪᠤᠶᠤ ᠲᠣᠰ ᠵᠢᠯ ᠳᠤ ᠨᠢᠭᠡᠨᠲᠡ ᠬᠥᠮᠥᠷᠭᠡ ᠳᠤ ᠣᠷᠣᠭᠰᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠩᠬ᠎ᠠ ᠤᠳᠠᠭ᠎ᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠲᠠᠨᠢᠯᠴᠠᠭᠤᠯᠤᠨ ᠮᠡᠳᠡᠭᠦᠯᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 3 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠳᠣᠯᠤᠭ᠎ᠠ︶ ᠠᠵᠤ ᠠᠬᠤᠶᠢᠯᠠᠯ ᠤᠯᠤᠰ ᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠭᠤᠶᠤᠴᠢᠯᠠᠵᠤ ᠮᠡᠳᠡᠭᠦᠯᠬᠦ ᠶᠢ ᠳᠡᠮᠵᠢᠨ᠎ᠡ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠣᠯᠵᠤ᠂ ᠲᠣᠰ ᠭᠠᠵᠠᠷ ᠣᠷᠣᠨ ᠳᠠᠭᠠᠨ ᠬᠡᠷᠡᠭᠵᠢᠭᠦᠯᠬᠦ ᠶᠢᠨ ᠬᠠᠮᠲᠤ ᠰᠢᠯᠭᠠᠨ ᠠᠪᠬᠤ ᠶᠢ ᠦᠩᠭᠡᠷᠡᠵᠦ᠂ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 200 ︱ 500 ᠲᠦᠮᠡᠨ ᠲᠥᠭᠦᠷᠢᠭ ︵500 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ︔ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 500 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ︵1000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ︔ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭ᠎ᠠ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ 10 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠴᠢ ᠶᠢᠰᠦ︶ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠴᠢᠳᠠᠪᠤᠷᠢᠲᠠᠨ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ᠂ ᠰᠢᠨ᠎ᠡ ᠶᠢ ᠡᠭᠦᠳᠬᠦ ᠲᠥᠪ᠂ ᠲᠤᠰᠠᠭᠠᠷ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠪᠠᠶᠢᠭᠤᠯᠬᠤ ᠶᠢ ᠳᠡᠮᠵᠢᠵᠦ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢᠶᠠᠨ ᠬᠥᠬᠡᠬᠤᠲᠠ ᠳᠤ ᠠᠪᠴᠢᠷᠠᠨ ᠤᠯᠠᠷᠢᠭᠤᠯᠤᠨ ᠬᠤᠪᠢᠷᠠᠭᠤᠯᠤᠭᠰᠠᠨ ᠮᠥᠷᠲᠡᠭᠡᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ 50—100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠴᠢ︶ ᠠᠵᠤ ᠠᠬᠤᠶᠢᠯᠠᠯ ᠤᠨ ᠬᠡᠷᠡᠭᠵᠢᠬᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠲᠥᠷᠥᠯ ᠵᠦᠢᠯ ᠳᠤ᠂ ᠲᠥᠷᠥᠯ ᠵᠦᠢᠯ ᠤᠨ ᠦᠢᠯᠡᠳᠪᠦᠷᠢᠯᠡᠯ ᠤᠨ ᠴᠢᠨᠠᠷᠲᠠᠢ ᠪᠡᠯᠡ ᠣᠷᠣᠭᠤᠯᠤᠯᠲᠠ ︵ᠰᠤᠳᠤᠯᠤᠨ ᠨᠡᠭᠡᠭᠡᠬᠦ ᠣᠷᠣᠭᠤᠯᠤᠯᠲᠠ ᠶᠢ ᠪᠠᠭᠲᠠᠭᠠᠨ᠎ᠠ︶ ᠶᠢᠨ 20% ᠪᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠠᠵᠤ ᠠᠬᠤᠶᠢᠯᠠᠯ ᠭᠤᠣᠯᠯᠠᠨ ᠲᠣᠭᠲᠠᠭᠠᠭᠰᠠᠨ ᠪᠥᠭᠡᠳ ᠵᠥᠪᠰᠢᠶᠡᠷᠡᠭᠳᠡᠭᠰᠡᠨ ᠣᠯᠠᠨ ᠤᠯᠤᠰ ᠤᠨ ᠪᠠᠷᠢᠮᠵᠢᠶ᠎ᠠ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠳᠤ ᠪᠠᠷᠢᠮᠵᠢᠶ᠎ᠠ ᠨᠢᠭᠡᠪᠦᠷᠢ ᠶᠢ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ︔ ᠠᠵᠤ ᠠᠬᠤᠶᠢᠯᠠᠯ ᠣᠯᠠᠨ ᠤᠯᠤᠰ ᠤᠨ ᠪᠠᠷᠢᠮᠵᠢᠶ᠎ᠠ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠪᠥᠭᠡᠳ ᠵᠥᠪᠰᠢᠶᠡᠷᠡᠭᠳᠡᠪᠡᠯ᠂ ᠪᠠᠷᠢᠮᠵᠢᠶ᠎ᠠ ᠨᠢᠭᠡᠪᠦᠷᠢ ᠶᠢ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ ᠢᠶᠠᠷ ᠱᠠᠩᠨᠠᠵᠤ᠂ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠪᠡᠯᠡ ᠮᠥᠩᠭᠦ ᠶᠢ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠵᠢᠷᠭᠤᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ     ︵ᠳᠥᠴᠢᠨ ᠨᠢᠭᠡ︶ ᠨᠡᠶᠢᠭᠡᠮ ᠤᠨ ᠬᠦᠴᠦᠨ ᠠᠴᠠ ᠡᠷᠬᠢᠯᠡᠭᠰᠡᠨ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠤᠵᠢᠯ ᠤᠨ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠡᠵᠡᠩᠨᠡᠯᠲᠡ ᠶᠢᠨ ᠨᠥᠬᠦᠪᠦᠷᠢ ᠳᠤ᠂ ᠲᠣᠰ ᠬᠤᠲᠠ ᠶᠢᠨ ᠡᠷᠦᠬᠡ ᠠᠮᠠ ᠲᠠᠢ ᠳᠤᠮᠳᠠ ᠵᠡᠷᠭᠡ ᠪᠠᠷ ᠂ ᠬᠦᠨᠳᠦ ᠵᠡᠷᠭᠡ ᠪᠠᠷ ᠴᠢᠳᠠᠪᠤᠷᠢ ᠪᠠᠨ ᠠᠯᠳᠠᠭᠰᠠᠨ ᠣᠶᠤᠨ ᠨᠢ ᠪᠠᠯᠠᠷᠠᠭᠰᠠᠨ ᠨᠠᠰᠤᠲᠠᠶᠢᠴᠤᠳ ᠲᠤ ᠭᠡᠷ ᠪᠦᠯᠢ ᠳᠤᠨᠢ ᠰᠤᠪᠢᠯᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠦᠢᠯᠡᠴᠢᠯᠡᠭᠡ ᠬᠠᠩᠭᠠᠭᠰᠠᠨ ᠪᠣᠯ᠂ ᠭᠡᠷ ᠪᠦᠯᠢ ᠳᠤᠨᠢ ᠰᠤᠪᠢᠯᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢᠨ ᠶᠡᠷᠦᠩᠬᠡᠶᠢᠯᠡᠭᠰᠡᠨ ᠡᠵᠡᠩᠨᠡᠯᠲᠡ ᠶᠢᠨ ᠨᠥᠬᠦᠪᠦᠷᠢ ᠬᠦᠷᠲᠡᠵᠦ᠂ ᠦᠨᠳᠦᠰᠦᠨ ᠪᠠᠷᠢᠮᠵᠢᠶ᠎ᠠ ᠡᠵᠡᠩᠨᠡᠯᠲᠡ ᠶᠢᠨ ᠨᠥᠬᠦᠪᠦᠷᠢ ᠶᠢ ᠲᠣᠰ ᠲᠣᠰ 150 ᠲᠥᠭᠦᠷᠢᠭ/ᠬᠥᠮᠥᠨ/ᠰᠠᠷ᠎ᠠ᠂ 200 ᠲᠥᠭᠦᠷᠢᠭ/ᠬᠥᠮᠥᠨ/ᠰᠠᠷ᠎ᠠ ᠶᠢᠨ ᠪᠠᠷᠢᠮᠵᠢᠶ᠎ᠠ ᠪᠠᠷ ᠣᠯᠭᠤᠵᠤ᠂ ᠬᠤᠶᠠᠳᠤᠭᠠᠷ ᠳᠡᠰ᠂ ᠭᠤᠷᠪᠠᠳᠤᠭᠠᠷ ᠳᠡᠰ᠂ ᠳᠥᠷᠪᠡᠳᠦᠭᠡᠷ ᠳᠡᠰ᠂ ᠲᠠᠪᠤᠳᠤᠭᠠᠷ ᠳᠡᠰ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠨᠥᠬᠦᠪᠦᠷᠢ ᠶᠢ ᠲᠣᠰ ᠲᠣᠰ ᠦᠨᠳᠦᠰᠦᠨ ᠪᠠᠷᠢᠮᠵᠢᠶ᠎ᠠ ᠨᠥᠬᠦᠪᠦᠷᠢ ᠶᠢᠨ 0.9 ᠳᠠᠬᠢᠨ᠂ 1 ᠳᠠᠬᠢᠨ᠂ 1.1 ᠳᠠᠬᠢᠨ᠂ 1.2 ᠳᠠᠬᠢᠨ ᠢᠶᠠᠷ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶      ︵ᠳᠥᠴᠢᠨ ᠬᠤᠶᠠᠷ︶ ᠵᠠᠰᠠᠭ ᠤᠨ ᠣᠷᠳᠣᠨ ᠠᠴᠠ ᠬᠤᠳᠠᠯᠳᠤᠨ ᠠᠪᠤᠭᠰᠠᠨ ᠦᠢᠯᠡᠴᠢᠯᠡᠭᠡ ᠶᠢ ᠭᠤᠷᠪᠠᠳᠠᠭᠢ ᠡᠲᠡᠭᠡᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠬᠠᠩᠭᠠᠵᠤ ᠪᠠᠶᠢᠭ᠎ᠠ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠵᠢᠯ ᠪᠦᠷᠢ ᠦᠨᠡᠯᠡᠯᠲᠡ ᠬᠢᠨ᠎ᠡ᠃ ᠦᠨᠡᠯᠡᠯᠲᠡ ᠳᠤ ᠦᠢᠯᠡᠴᠢᠯᠡᠭᠡᠨ ᠤ ᠶᠠᠰᠤ ᠴᠢᠨᠠᠷ ᠨᠢ 4A ᠲᠠᠰ ᠠᠴᠠ ᠳᠡᠭᠡᠭᠰᠢ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡᠨ ᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠨᠢ ᠦᠨᠳᠦᠰᠦᠯᠡᠨ 3 ︱ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶      ︵ᠳᠥᠴᠢᠨ ᠭᠤᠷᠪᠠ︶ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠤᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠬᠡᠷᠡᠭᠯᠡᠭᠡᠨ ᠤ ᠵᠠᠷᠤᠯᠭ᠎ᠠ ᠪᠤᠶᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ᠂ ᠬᠥᠳᠡᠯᠦᠩᠭᠦᠢ ᠪᠠᠷ ᠲᠣᠬᠢᠷᠠᠭᠤᠯᠤᠨ᠎ᠠ᠃ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.3 ᠳᠠᠬᠢᠨ ᠠᠴᠠ ᠳᠣᠣᠷ᠎ᠠ ᠦᠭᠡᠢ ᠪᠠᠷ ᠲᠣᠭᠲᠠᠭᠠᠨ᠎ᠠ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠡᠰᠡᠭ ᠠᠯᠳᠠᠭᠰᠠᠨ ᠣᠨᠴᠠ ᠬᠦᠴᠢᠷᠳᠡᠯᠲᠡᠢ ᠬᠥᠮᠥᠰ ᠤᠨ ᠠᠰᠠᠷᠠᠨ ᠰᠤᠪᠢᠯᠠᠬᠤ ᠪᠠᠷᠢᠮᠵᠢᠶ᠎ᠠ ᠶᠢ ᠪᠥᠬᠦ ᠬᠤᠲᠠ ᠶᠢᠨ ᠲᠦᠷᠦᠭᠦᠸ ᠵᠢᠯ ᠤᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 65%᠂ 25% ᠪᠠᠷ ᠯᠠᠪᠯᠠᠯᠲᠠ ᠪᠣᠯᠭᠠᠵᠤ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶      ︵ᠳᠥᠴᠢᠨ ᠳᠥᠷᠪᠡ︶ ᠨᠡᠶᠢᠭᠡᠮ ᠠᠴᠠ ᠡᠷᠭᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠳᠤ 6000 ᠲᠥᠭᠦᠷᠢᠭ/ᠣᠷᠣ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠳᠤ 4000 ᠲᠥᠭᠦᠷᠢᠭ/ᠣᠷᠣ᠂ ᠲᠦᠷᠢᠶᠡᠰᠦᠯᠡᠭᠰᠡᠨ ᠳᠤ 2000 ᠲᠥᠭᠦᠷᠢᠭ/ᠣᠷᠣ ᠶᠢᠨ ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠠᠬᠢᠨ ᠲᠣᠰ ᠲᠣᠰ 5000 ᠲᠥᠭᠦᠷᠢᠭ/ᠣᠷᠣ᠂ 2000 ᠲᠥᠭᠦᠷᠢᠭ/ᠣᠷᠣ᠂ 1000 ᠲᠥᠭᠦᠷᠢᠭ/ᠣᠷᠣ ᠶᠢᠨ ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠵᠤ᠂ ᠨᠥᠬᠦᠪᠦᠷᠢ ᠪᠡᠯᠡ ᠮᠥᠩᠭᠦ ᠶᠢ 3᠄ 3᠄ 4 ᠶᠢᠨ ᠬᠠᠷᠢᠴᠠᠯ ᠢᠶᠠᠷ ᠭᠤᠷᠪᠠᠨ ᠵᠢᠯ ᠬᠤᠪᠢᠶᠠᠨ ᠥᠭᠭᠦᠨ᠎ᠡ᠃ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠦᠷᠢ ᠶᠢ ᠥᠪᠡᠷᠲᠡᠭᠡᠨ ᠵᠠᠰᠠᠬᠤ ᠣᠷᠣᠨ ᠤ 100 ︱ 300 ᠲᠥᠭᠦᠷᠢᠭ ᠤᠨ  ᠨᠦᠬᠦᠪᠦᠷᠢ ᠶᠢ ᠬᠡᠷᠡᠭᠵᠢᠬᠦᠯᠦᠭᠰᠡᠨ ᠰᠠᠭᠤᠷᠢᠨ ᠳᠡᠭᠡᠷ᠎ᠡ᠂ ᠮᠠᠨ ᠤ ᠬᠤᠲᠠ ᠲᠠᠬᠢᠭᠠᠳ ᠳᠡᠭᠡᠷ᠎ᠡ ᠨᠢ 100 ︱ 300 ᠲᠥᠭᠦᠷᠢᠭ ᠤᠨ ᠣᠷᠣ ᠶᠢᠨ ᠡᠵᠡᠩᠨᠡᠯᠲᠡ ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶      ︵ᠳᠥᠴᠢᠨ ᠲᠠᠪᠤ︶ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠥᠷᠭᠡᠳᠬᠡᠵᠦ᠂ ᠭᠡᠷ ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ᠂ ᠭᠡᠷ ᠠᠬᠤᠢ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠳᠡᠮᠵᠢᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠡᠷ ᠠᠬᠤᠢ ᠶᠢᠨ ᠬᠥᠳᠡᠯᠮᠦᠷᠢ ᠬᠦᠴᠦ ᠶᠢ ᠭᠠᠷᠭᠠᠬᠤ ᠰᠠᠭᠤᠷᠢᠨ ᠭᠠᠵᠠᠷ ᠢᠶᠠᠷ ᠨᠤᠲᠠᠯᠠᠨ ᠲᠤᠭᠲᠠᠭᠠᠭᠰᠠᠨ ᠮᠥᠷᠲᠡᠭᠡᠨ ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠠᠵᠢᠯ ᠣᠯᠭᠤᠭᠰᠠᠨ ᠲᠤᠭ᠎ᠠ ᠪᠠᠷ ᠣᠯᠠᠨ᠂ ᠦᠷ᠎ᠡ ᠪᠦᠲᠦᠮᠵᠢ ᠪᠠᠷ ᠰᠠᠶᠢᠨ ᠢ ᠨᠢ ᠨᠢᠭᠡ ᠤᠳᠠᠭ᠎ᠠ ᠶᠢᠨ ᠴᠢᠨᠠᠷᠲᠠᠢ ᠱᠠᠩᠨᠠᠨ᠎ᠠ᠃ ᠦᠢᠯᠡᠰ ᠪᠣᠰᠬᠠᠵᠤ ᠠᠵᠢᠯ ᠣᠯᠭᠤᠬᠤ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠥᠩᠭᠦ ᠪᠠᠷ ᠳᠠᠮᠵᠢᠭᠤᠯᠤᠨ᠂ ᠭᠡᠷ ᠠᠬᠤᠢ ᠶᠢᠨ ᠪᠣᠯᠪᠠᠰᠤᠷᠠᠭᠤᠯᠤᠯ ᠥᠷᠨᠢᠭᠦᠯᠳᠡᠭ᠂ ᠭᠡᠷ ᠠᠬᠤᠢ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠳᠠᠭ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠣᠭᠲᠠᠭᠠᠯ ᠶᠣᠰᠣᠭᠠᠷ ᠪᠡᠯᠡ ᠮᠥᠩᠭᠦ ᠶᠢᠨ ᠳᠡᠮᠵᠢᠯᠭᠡ  ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠴᠢᠨ ᠵᠢᠷᠭᠤᠭ᠎ᠠ︶ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠰᠬᠠᠢ ᠵᠦᠢᠯ ᠤᠨ ᠢᠨᠵᠧᠨᠧᠷᠢᠩ ᠢ ᠥᠷᠨᠢᠭᠦᠯᠵᠦ᠂ ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ ᠲᠦᠰᠢᠭᠯᠡᠨ ᠰᠢᠭᠢᠳᠬᠡᠭᠰᠡᠨ ᠮᠠᠶ᠋ᠢᠭ ᠤᠨ᠂ ᠲᠠᠷᠬᠠᠮᠠᠯ ᠮᠠᠶ᠋ᠢᠭ ᠤᠨ᠂ ᠬᠡᠯᠬᠢᠶ᠎ᠡ ᠮᠠᠶ᠋ᠢᠭ ᠤᠨ᠂ ᠲᠤᠰᠬᠠᠢ ᠮᠡᠷᠭᠡᠵᠢᠯ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠪᠠᠶᠢᠭᠤᠯᠵᠤ᠂ ᠡᠳᠦᠷ ᠢᠶᠠᠷ ᠰᠠᠭᠠᠲᠠᠭᠤᠯᠬᠤ᠂ ᠴᠠᠭ ᠢᠶᠠᠷ ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠲᠡᠮᠵᠢᠵᠦ᠂ ᠤᠯᠤᠰ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠤᠰᠬᠠᠢ ᠵᠦᠢᠯ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠳᠤ ᠪᠡᠯᠡ ᠮᠥᠩᠭᠦ ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠴᠢᠨ ᠳᠣᠯᠤᠭ᠎ᠠ︶ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ  ᠢ ᠨᠥᠬᠦᠪᠦᠷᠢᠯᠡᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ ᠪᠠ ᠬᠡᠦᠬᠡᠳ ᠢᠶᠠᠨ ᠨᠠᠶᠢᠳᠠᠨ ᠠᠰᠠᠷᠠᠭᠤᠯᠵᠤ᠂ ᠰᠣᠶᠣᠯ ᠢᠶᠠᠨ ᠬᠠᠮᠠᠭᠠᠯᠠᠵᠤ ᠤᠯᠠᠮᠵᠢᠯᠠᠵᠤ ᠠᠰᠢᠭᠯᠠᠬᠤ ᠵᠢᠴᠢ ᠨᠡᠶᠢᠭᠡᠮ ᠤᠨ ᠦᠢᠯᠡᠴᠢᠯᠡᠭᠡ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠤᠯᠤᠭ᠎ᠠ᠂ ᠶᠡᠷᠦᠩᠬᠡᠢ ᠬᠡᠯᠲᠡᠰ ᠤᠨ ᠠᠵᠤ ᠠᠬᠤᠢ      ︵ᠳᠥᠴᠢᠨ ᠨᠠᠢᠮᠠ︶ ᠮᠠᠨ ᠤ ᠬᠤᠲᠠ ᠳᠤ ᠥᠪᠡᠷ ᠢᠶᠠᠨ ᠪᠠᠶᠢᠭᠤᠯᠤᠭᠰᠠᠨ ᠪᠤᠶᠤ ᠠᠯᠪᠠᠨ ᠭᠡᠷ᠂ ᠶᠡᠷᠦᠩᠬᠡᠢ ᠬᠡᠯᠲᠡᠰ ᠤᠨ ᠲᠣᠮᠣ ᠠᠰᠠᠷ ᠤᠨ ᠠᠵᠢᠯᠯᠠᠬᠤ ᠲᠠᠯᠠᠪᠤᠷ ᠭᠠᠵᠠᠷ ᠬᠤᠳᠠᠯᠳᠤᠨ ᠠᠪᠤᠭᠰᠠᠨ ᠮᠠᠨ ᠤ ᠬᠤᠲᠠ ᠳᠤ ᠰᠢᠨ᠎ᠡ ᠪᠠᠷ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ 500 ᠲᠥᠭᠦᠷᠢᠭ/ᠲᠡᠭᠰᠢ ᠳᠥᠷᠪᠡᠯᠵᠢᠨ ᠮᠧᠲᠷ ᠢᠶᠠᠷ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠶᠡᠷᠦᠩᠬᠡᠢ ᠲᠤᠭ᠎ᠠ ᠶᠢ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠮᠠᠨ ᠤ ᠬᠤᠳᠠ ᠶᠢᠨ ᠣᠷᠣᠨ ᠪᠦᠰᠡ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠪᠡᠷ ᠲᠡᠭᠡᠨ ᠬᠡᠷᠡᠭᠯᠡᠬᠦ ᠠᠯᠪᠠᠨ ᠭᠡᠷ ᠪᠣᠯᠭᠠᠨ ᠲᠦᠷᠢᠶᠡᠰᠦᠯᠡᠭᠰᠡᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠵᠢᠯ ᠤᠨ ᠲᠦᠷᠢᠶᠡᠰᠦᠨ ᠮᠥᠩᠭᠦ ᠶᠢ ᠲᠦᠷᠦᠭᠦᠦ 3 ᠵᠢᠯ ᠳᠤ 100%  ᠪᠠᠷ᠂ 4 ᠳ᠋ᠦ᠋ᠭᠡᠷ ᠵᠢᠯ ᠠᠴᠠ 5 ᠳ᠋ᠤᠭᠠᠷ ᠵᠢᠯ ᠳᠤ 50% ᠪᠠᠷ ᠨᠥᠬᠦᠪᠦᠷᠢ ᠣᠯᠭᠤᠨ᠎ᠠ᠃ ᠨᠥᠬᠦᠪᠦᠷᠢ ᠥᠭᠬᠦ ᠲᠠᠯᠠᠪᠠᠢ ᠶᠢᠨ ᠪᠠᠷᠢᠮᠵᠢᠶ᠎ᠠ ᠶᠢ 10 ᠲᠡᠭᠰᠢ ᠳᠥᠷᠪᠡᠯᠵᠢᠨ ᠮᠧᠲᠷ/ ᠬᠥᠮᠥᠨ ᠠᠴᠠ ᠬᠡᠲᠦᠷᠡᠭᠦᠯᠬᠦ ᠦᠭᠡᠢ᠂ ᠨᠥᠬᠦᠪᠦᠷᠢ ᠥᠭᠬᠦ ᠶᠡᠷᠦᠩᠬᠡᠢ ᠲᠠᠯᠠᠪᠠᠢ ᠶᠢ 1000 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ︵ᠠᠵᠤ ᠠᠬᠤᠶᠢᠯᠠᠯ ᠲᠠᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠬᠥᠮᠥᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ︶᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ︵ᠳᠥᠴᠢ ᠶᠢᠰᠦ︶ ᠮᠠᠨ ᠤ ᠬᠤᠲᠠ ᠶᠢᠨ ᠨᠤᠲᠠᠯᠠᠨ ᠲᠣᠭᠲᠠᠭᠠᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠨ ᠠᠩᠬ᠎ᠠ ᠤᠳᠠᠭ᠎ᠠ ᠵᠢᠯ ᠤᠨ ᠡᠵᠡᠩᠨᠡᠯᠲᠡ ᠶᠢᠨ ᠣᠷᠣᠯᠭ᠎ᠠ ᠨᠢ 500 ᠳ᠋ᠦᠩᠰᠢᠭᠤᠷ ᠲᠥᠭᠦᠷᠢᠭ᠂ 100 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ᠂ 30 ᠳ᠋ᠦᠩᠰᠢᠭᠤᠷ ᠲᠥᠭᠦᠷᠢᠭ ᠢ ᠳᠠᠪᠠᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠲᠣᠰ ᠲᠣᠰ 1000 ᠲᠦᠮᠡᠨ ᠲᠥᠭᠦᠷᠢᠭ᠂ 500 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠢ︶ ᠮᠠᠨ ᠤ ᠬᠤᠲᠠ ᠶᠢᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠪᠢᠴᠢᠬᠠᠨ ᠠᠪᠤᠷᠭᠤ ᠠᠵᠤ ᠠᠬᠤᠶᠢᠯᠠᠯ ᠤᠨ ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠣᠯᠣᠭᠰᠠᠨ ᠪᠠᠶᠢᠪᠠᠯ᠂ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠶᠠᠰᠤ ᠴᠢᠨᠠᠷ ᠤᠨ ᠬᠡᠪ ᠳᠠᠭᠤᠷᠢᠶᠠᠯ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠣᠯᠣᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠷᠠᠭᠠᠯᠵᠠᠭᠰᠠᠨ ᠢᠷᠠᠭᠤ ᠠᠯᠳᠠᠷ ᠤᠨ ᠴᠣᠯᠠ ᠶᠢ ᠰᠢᠨ᠎ᠡ ᠪᠠᠷ ᠣᠯᠣᠭᠰᠠᠨ ᠪᠠᠶᠢᠪᠠᠯ᠂ ᠲᠣᠰ ᠲᠣᠰ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠢᠨ ᠨᠢᠭᠡ︶ ᠶᠡᠷᠦᠩᠬᠡᠢ ᠬᠡᠯᠲᠡᠰ ᠤᠨ ᠠᠵᠤ ᠠᠬᠤᠶᠢᠯᠠᠯ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠵᠠᠩᠭᠢᠯᠠᠭ᠎ᠠ ᠶᠢᠨ ᠢᠵᠢ ᠪᠦᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠪᠠᠯ᠂ ᠣᠷᠣᠭᠤᠯᠤᠨ ᠠᠪᠴᠢᠷᠠᠭᠰᠠᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠦᠨᠳᠦᠰᠦᠯᠡᠨ ᠱᠠᠩᠨᠠᠵᠤ᠂ 5000 ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ︵ᠪᠠᠭᠲᠠᠨ᠎ᠠ︶ ᠪᠡᠯᠡ ᠣᠷᠣᠭᠤᠯᠤᠭᠰᠠᠨ ᠪᠠᠶᠢᠪᠠᠯ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠨᠠᠢᠮᠠ᠂ ᠦᠢᠯᠡᠴᠢᠯᠡᠭᠡᠨ ᠤ ᠠᠷᠠᠯᠵᠢᠶ᠎ᠠ      ︵ᠲᠠᠪᠢᠨ ᠬᠤᠶᠠᠷ︶ ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠢ ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ ᠲᠤᠬᠠᠢ ᠶᠢᠨ ᠵᠢᠯ ᠤᠨ ᠬᠢᠯᠢ ᠠᠴᠠ ᠭᠠᠷᠬᠤ ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠭᠡᠷ᠎ᠡ ᠶᠢᠨ ᠪᠥᠬᠦ ᠲᠤᠭ᠎ᠠ ᠨᠢ 100 ᠲᠦᠮᠡᠨ ᠳ᠋ᠣᠯᠯᠠᠷ ᠠᠴᠠ ᠳᠡᠭᠡᠭᠰᠢ ᠪᠠᠶᠢᠪᠠᠯ᠂ 1 ᠳ᠋ᠣᠯᠯᠠᠷ ᠪᠦᠷᠢ ᠳᠤ 0.01 ᠲᠥᠭᠦᠷᠢᠭ ᠠᠷᠠᠳ ᠤᠨ ᠵᠣᠭᠤᠰ ᠢᠶᠠᠷ ᠱᠠᠩᠨᠠᠵᠤ᠂ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠢᠨ ᠭᠤᠷᠪᠠ︶ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠨᠤᠲᠠᠯᠠᠯᠲᠠ ᠶᠢ ᠣᠯᠣᠭᠰᠠᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠨᠥᠬᠦᠪᠦᠷᠢ ᠶᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ 30% ᠠᠴᠠ ᠬᠡᠲᠦᠷᠡᠭᠦᠯᠬᠦ ᠦᠭᠡᠢ᠂ ᠭᠠᠭᠴᠠ ᠠᠵᠤ ᠠᠬᠤᠶᠢᠯᠠᠯ ᠳᠤ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠤᠨ ᠨᠦᠬᠦᠪᠦᠷᠢ ᠦᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠶᠢᠰᠦ᠂ ᠪᠤᠰᠤᠳ ᠲᠥᠷᠥ ᠶᠢᠨ ᠪᠣᠳᠣᠯᠭ᠎ᠠ      ︵ᠲᠠᠪᠢᠨ ᠳᠥᠷᠪᠡ︶ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠠᠵᠢᠯ ᠤᠨ ᠲᠡᠷᠭᠡ᠂ ᠬᠦᠷᠳᠦᠲᠦ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠬᠤ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠬᠤ ᠭᠠᠶᠢᠯᠢ ᠶᠢᠨ ᠲᠤᠭ᠎ᠠ ᠶᠢᠨ 50% ᠪᠠᠷ ᠲᠠᠲᠠᠪᠤᠷᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ︵ᠲᠠᠪᠢᠨ ᠲᠠᠪᠤ︶ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠷ ᠪᠠᠶᠢᠰᠢᠩ ᠢ ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠭᠤᠣᠯᠳᠠᠯᠭ᠎ᠠ ᠲᠠᠢ ᠣᠷᠣᠨ ᠪᠦᠰᠡ ︵ᠳᠤᠮᠳᠠ ᠥᠨᠳᠥᠷ ᠲᠡᠰ ᠤᠨ ᠲᠦᠭᠰᠢᠭᠦᠷᠢ ᠲᠠᠢ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠣᠷᠣᠨ︶ ᠪᠣᠯᠣᠨ ᠬᠢᠵᠢᠭ ᠤᠨ ᠪᠠᠶᠢᠳᠠᠯ ᠳᠤ ᠨᠡᠯᠢᠶᠡᠳ ᠬᠦᠨᠳᠦ ᠨᠥᠯᠥᠭᠡᠯᠡᠭᠳᠡᠭᠰᠡᠨ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ ᠬᠤᠳᠠᠯᠳᠤᠬᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠵᠢᠭᠤᠯᠴᠢᠯᠠᠯ ᠤᠨ ᠦᠢᠯᠡᠰ ᠠᠴᠠ 3 ᠰᠠᠷ᠎ᠠ ᠲᠦᠷᠢᠶᠡᠰᠦᠨ ᠮᠥᠩᠭᠦ ᠬᠤᠷᠢᠶᠠᠬᠤ ᠦᠭᠡᠢ᠂ ᠬᠤᠲᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠲᠦᠷᠢᠶᠡᠰᠦᠨ ᠮᠥᠩᠭᠦ ᠬᠡᠯᠲᠦᠷᠢᠭᠦᠯᠬᠦ ᠭᠡᠷ᠎ᠡ ᠲᠣᠭᠲᠠᠬᠤ ᠶᠢ ᠬᠠᠷᠢᠭᠤᠴᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ᠎ᠡ ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠬᠤᠲᠠ ᠶᠢᠨ ᠬᠠᠷᠢᠶ᠎ᠠ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠠᠷᠪᠠ᠂ ᠲᠣᠰ ᠨᠠᠷᠢᠨ ᠬᠠᠭᠤᠳᠠᠰᠤ ᠶᠢᠨ ᠳᠣᠲᠣᠷᠠᠬᠢ ᠲᠥᠷᠥ ᠶᠢᠨ ᠪᠣᠳᠣᠯᠭ᠎ᠠ ᠶᠢ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ᠂ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ  ᠨᠢ ᠬᠤᠶᠠᠷ ᠵᠢᠯ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ ᠠᠰᠲᠠᠭᠠᠨ ᠲᠣᠭᠲᠠᠭᠠᠯ ᠲᠠᠢ ᠪᠣᠯ ᠤᠤᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1