ᠬᠥᠳᠡᠭᠡ ᠲᠣᠰᠬᠤᠨ ᠢ ᠬᠥᠭᠵᠢᠭᠦᠯᠦᠨ ᠮᠠᠨᠳᠤᠯᠲᠠ ᠰᠢᠨ᠎ᠡ ᠬᠠᠭᠤᠳᠠᠰᠤ ᠶᠢ ᠦᠷᠭᠦᠯᠵᠢᠯᠡᠭᠦᠯᠵᠦ ᠪᠣᠢ — ᠴᠢᠩ ᠱᠦᠢ ᠡᡁᠧ ᠰᠢᠶᠠᠨ ᠤ ᠪᠦᠦ ᠶᠠᠨ ᠵᠤᠸᠠᠩ ᠲᠣᠰᠬᠤᠨ᠄ ᠬᠤᠭᠤᠰᠣᠨ ᠭᠠᠵᠠᠷ ᠢ ᠠᠭᠤᠳᠠᠮ ᠲᠠᠯᠠᠪᠠᠢ ᠪᠣᠯᠭᠠᠨ ᠬᠤᠪᠢᠷᠠᠭᠤᠯᠵᠤ ᠬᠠᠭᠤᠴᠢᠨ ᠪᠠᠶᠢᠰᠢᠩ ᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ
ᠨᠡᠶᠢᠲᠡᠯᠡᠭᠰᠡᠨ ᠴᠠᠭ᠄
2022/8/8
     ᠤᠢᠢᠷ᠎ᠠ ᠶᠢᠨ ᠵᠢᠯ ᠠᠴᠠ᠂ ᠴᠢᠩ ᠱᠦᠢ ᠡᡁᠧ ᠰᠢᠶᠠᠨ ᠤ ᠪᠦᠦ ᠶᠠᠨ ᠵᠤᠸᠠᠩ ᠲᠣᠰᠬᠤᠨ ᠤ ᠬᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠡᠢ᠃
     ᠤᠢᠢᠷ᠎ᠠ ᠳᠤ᠂ ᠰᠤᠷᠪᠤᠯᠵᠢᠯᠠᠭᠴᠢ ᠴᠢᠩ ᠱᠦᠢ ᠡᡁᠧ ᠰᠢᠶᠠᠨ ᠤ ᠪᠦᠦ ᠶᠠᠨ ᠵᠤᠸᠠᠩ ᠲᠣᠰᠬᠤᠨ ᠳᠤ ᠬᠦᠷᠬᠦ ᠳᠤ᠂ ᠴᠡᠪᠡᠷ ᠴᠡᠮᠴᠡᠭᠡᠷ ᠬᠠᠲᠠᠭᠤᠷᠠᠭᠤᠯᠤᠭᠰᠠᠨ ᠵᠠᠮ ᠤᠨ ᠭᠠᠳᠠᠷᠭᠤ᠂ ᠲᠡᠷᠢ ᠲᠡᠭᠰᠢ ᠦᠷᠭᠦᠯᠵᠢᠯᠡᠭᠰᠡᠨ ᠵᠢᠵᠢᠭ ᠬᠦᠷᠢᠶ᠎ᠡ ᠪᠣᠯᠤᠨ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠷᠠᠭᠤᠯᠪᠠ᠃ ᠲᠣᠰᠬᠤᠨ ᠤ ᠠᠷᠠᠳ ᠲᠤ ᠠᠪᠴᠤ ᠬᠡᠯᠡᠪᠡᠯ᠂ ᠬᠠᠮᠤᠭ ᠤᠨ ᠵᠣᠯ ᠵᠢᠷᠭᠠᠯ ᠲᠠᠢ ᠶᠠᠪᠤᠳᠠᠯ ᠨᠢ ᠡᠳᠦ᠋ᠢᠬᠡᠨ ᠢᠶᠠᠷ ᠵᠣᠭᠰᠣᠬᠤ ᠦᠭᠡᠢ᠂ ᠪᠠᠰᠠ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠤᠯᠠᠨ ᠲᠦᠮᠡᠨ ᠤ ᠲᠥᠯᠥᠭᠡ ᠪᠠᠴᠢᠮᠳᠠᠵᠤ᠂ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ ᠨᠠᠷᠢᠨ ᠨᠢᠮᠪᠠᠢ ᠠᠷᠭ᠎ᠠ ᠪᠤᠳᠤᠯᠭ᠎ᠠ ᠬᠡᠷᠡᠭᠵᠢᠭᠦᠯᠵᠦ ᠪᠣᠢ᠃      ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠳᠠᠭᠠᠯᠳᠤᠨ᠂ ᠪᠦᠦ ᠶᠠᠨ ᠵᠤᠸᠠᠩ ᠲᠣᠰᠬᠤᠨ ᠤᠯᠠᠮ ᠠᠴᠠ ᠦᠵᠡᠰᠬᠦᠯᠡᠩᠲᠦ ᠰᠠᠶᠢᠬᠠᠨ ᠪᠣᠯᠪᠠ᠂ ᠤᠳᠤ᠂ 1800 ᠲᠡᠭᠰᠢ ᠳᠥᠷᠪᠡᠯᠵᠢᠨ ᠮᠧᠲᠷ ᠤᠨ ᠰᠣᠶᠣᠯ ᠲᠠᠮᠢᠷ ᠤᠨ ᠠᠭᠤᠳᠠᠮ ᠲᠠᠯᠠᠪᠠᠢ ᠶᠢ ᠪᠠᠶᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠭᠤᠶᠤ ᠰᠠᠶᠢᠬᠠᠨ ᠪᠣᠯᠭᠠᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠲᠤ ᠰᠡᠯᠡᠭᠦᠴᠡᠯ ᠵᠤᠭ᠎ᠠ ᠴᠡᠩᠭᠡᠯ ᠤᠨ ᠭᠠᠵᠠᠷ ᠲᠠᠢ ᠪᠣᠯᠭᠠᠵᠠᠢ᠂ ᠥᠭᠡᠷᠡᠴᠢᠯᠡᠭᠰᠡᠨ ᠤ ᠳᠠᠷᠠᠭᠠᠬᠢ 7 ᠢᠵᠢ ᠣᠷᠣᠨ ᠰᠠᠭᠤᠴᠠ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠢ ᠠᠮᠤᠷ ᠵᠢᠮᠦᠷ ᠠᠮᠢᠳᠤᠷᠠᠭᠤᠯᠪᠠ᠂ ᠡᠳᠡᠭᠡᠷ ᠨᠢ ᠪᠦᠷ ᠪᠦᠦ ᠶᠠᠨ ᠵᠤᠸᠠᠩ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠲᠣᠰᠬᠤᠨ ᠤ ᠠᠷᠠᠳ ᠲᠤ ᠵᠣᠯ ᠵᠢᠷᠭᠠᠯᠲᠤ ᠠᠮᠢᠳᠤᠷᠠᠯ ᠢ ᠠᠪᠴᠢᠷᠠᠵᠤ ᠥᠭᠭᠦᠭᠰᠡᠨ ᠶᠠᠪᠤᠳᠠᠯ ᠪᠣᠯᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1