ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/10/11
                      ᠬᠥᠬᠡᠬᠤᠲᠠ ᠵᠠᠰᠠᠭ ᠲᠠᠷᠬᠠᠭᠠᠭᠰᠠᠨ ﹇2023﹈ 15 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                    ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                    2023 ᠣᠨ ᠤ 5 ᠳ᠋ᠤᠭᠠᠷ ᠰᠠᠷ᠎ᠠ ᠶᠢᠨ 18 ᠤ ᠡᠳᠦᠷᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ      ᠨᠢᠭᠡᠳᠦᠭᠡᠷ ᠵᠦᠢᠯ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠷᠡᠭᠦᠯ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 46 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 53 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠠᠵᠢᠯᠯᠠᠭᠠᠨ ᠤ ᠲᠥᠯᠥᠪᠯᠡᠭᠡ ︵2022 ︱ 2025 ᠣᠨ︶︾ ︵ᠥᠪᠥᠷ ᠠᠷᠠᠯᠵᠢᠶ᠎ᠠ ᠬᠤᠳᠠᠯᠳᠤᠭ᠎ᠠ ᠥᠰᠥᠭ ﹇2022﹈ 336 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠲᠤᠰ ᠲᠥᠷᠥ ᠶᠢᠨ ᠪᠣᠳᠣᠯᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠲᠥᠷᠥ ᠶᠢᠨ ᠪᠣᠳᠣᠯᠭ᠎ᠠ ᠶᠢ ᠬᠥᠬᠡᠬᠤᠲᠠ ᠳᠤ ᠬᠠᠤᠯᠢ ᠶᠣᠰᠣᠭᠠᠷ ᠳᠠᠩᠰᠠᠯᠠᠭᠤᠯᠬᠤ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠭᠠᠶᠢᠯᠢ ᠲᠤᠰᠢᠶᠠᠬᠤ ᠪᠠᠷ ᠳᠠᠩᠰᠠᠯᠠᠭᠤᠯᠤᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠲᠤᠭ᠎ᠠ ᠪᠠᠷᠢᠮᠲᠠ ᠶᠢ ᠬᠥᠬᠡᠬᠤᠲᠠ ᠶᠢᠨ ᠪᠣᠭᠤᠮᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠣᠯᠭᠠᠭᠤᠯᠤᠯᠲᠠ ᠶᠢᠨ ᠨᠢᠭᠡᠳᠦᠯᠲᠡᠢ ᠬᠡᠪᠯᠡᠯ ᠤᠨ ᠲᠥᠷᠥᠯ ᠵᠦᠢᠯ ︵ᠳᠤᠮᠳᠠᠳᠤ ᠤᠯᠤᠰ᠂ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠭᠲᠠᠨ᠎ᠠ︶ ᠢᠶᠠᠷ ᠳᠠᠮᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠠᠵᠤ ᠠᠬᠤᠶᠢᠯᠠᠯ ᠳᠤ ᠬᠡᠷᠡᠭᠯᠡᠨ᠎ᠡ᠃      ᠭᠤᠷᠪᠠᠳᠤᠭᠠᠷ ᠵᠦᠢᠯ ᠪᠡᠯᠡ ᠮᠥᠩᠭᠦ ᠶᠢᠨ ᠳᠡᠮᠵᠢᠯᠭᠡ ᠶᠢᠨ ᠪᠠᠷᠢᠮᠵᠢᠶ᠎ᠠ ᠨᠢ ᠪᠣᠳᠠᠲᠠᠢ ᠳᠣᠣᠷᠠᠬᠢ ᠮᠡᠲᠦ᠄      ︵ᠨᠢᠭᠡ︶ ᠭᠠᠶᠢᠯᠢ ᠪᠠᠲᠤᠯᠠᠬᠤ ᠬᠢᠯᠢ ᠠᠯᠤᠰᠯᠠᠭᠰᠠᠨ ᠠᠷᠠᠯᠵᠢᠶ᠎ᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ︵ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 1210︶᠂ ᠬᠢᠯᠢ ᠠᠯᠤᠰᠯᠠᠭᠰᠠᠨ ᠠᠷᠠᠯᠵᠢᠶ᠎ᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ︵ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 9610︶ ᠤᠨ ᠵᠠᠭᠪᠤᠷ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠨᠢ 100 ᠲᠦᠮᠡᠨ ᠲᠦᠭᠦᠷᠢᠭ ᠠᠷᠠᠳ ᠤᠨ ᠵᠣᠭᠤᠰ  ᠬᠦᠷᠦᠭᠰᠡᠨ ᠠᠵᠤ ᠠᠬᠤᠶᠢᠯᠠᠯ ᠳᠤ᠂ ᠠᠷᠠᠯᠵᠢᠶ᠎ᠠ ᠶᠢᠨ ᠲᠤᠭ᠎ᠠ ᠶᠢᠨ 5% ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠬᠤᠶᠠᠷ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢᠶᠠᠷ ᠳᠠᠮᠵᠢᠭᠤᠯᠤᠨ ᠠᠵᠤ ᠠᠬᠤᠶᠢᠯᠠᠯ ᠤᠨ ᠰᠢᠭᠤᠳ ᠭᠠᠳᠠᠭᠠᠳᠤ ᠳᠤ ᠭᠠᠷᠭᠠᠬᠤ ︵ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 9710︶᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠠᠬᠢ ᠬᠥᠮᠥᠷᠭᠡ ᠳᠤ ᠭᠠᠷᠭᠠᠬᠤ ︵ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠨᠣᠮᠧᠷ ᠨᠢ 9810︶  ᠵᠠᠭᠪᠤᠷ ᠢᠶᠠᠷ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠵᠢᠯ ᠤᠨ ᠭᠠᠳᠠᠭᠠᠳᠤ ᠳᠤ ᠭᠠᠷᠭᠠᠵᠤ ᠠᠷᠠᠯᠵᠢᠶᠠᠯᠠᠭᠰᠠᠨ ᠲᠤᠭ᠎ᠠ ᠨᠢ 500 ᠲᠦᠮᠡᠨ ᠠᠷᠠᠳ ᠤᠨ ᠵᠣᠭᠤᠰ ᠲᠤ ᠬᠦᠷᠦᠭᠰᠡᠨ ᠠᠵᠤ ᠠᠬᠤᠶᠢᠯᠠᠯ ᠳᠤ ᠠᠷᠠᠯᠵᠢᠶ᠎ᠠ ᠶᠢᠨ ᠲᠤᠭ᠎ᠠ ᠶᠢᠨ 2% ᠢᠶᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠭᠤᠷᠪᠠ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠨᠡᠯᠡᠨ ᠲᠣᠭᠲᠠᠭᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠪᠦᠭᠡᠳ ᠨᠢᠭᠡ ᠡᠵᠡᠩᠨᠡᠯᠲᠡ ᠶᠢᠨ ᠣᠨ ᠤ ᠳᠣᠲᠣᠷ᠎ᠠ ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠲᠠᠢ ᠠᠵᠤ ᠠᠬᠤᠶᠢᠯᠠᠯ 30 ᠶᠢ ᠳᠠᠪᠠᠭᠰᠠᠨ ᠮᠥᠷᠲᠡᠭᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠨᠢ 3 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠦᠭᠰᠡᠨ ᠪᠠᠶᠢᠪᠠᠯ᠂ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠲᠠᠯ᠎ᠠ ᠳᠤ 100 ᠲᠦᠮᠡᠨ ᠲᠥᠭᠦᠷᠢᠭ ᠠᠷᠠᠳ ᠤᠨ ᠵᠣᠭᠤᠰ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ︔ ᠣᠷᠣᠵᠤ ᠰᠠᠭᠤᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠲᠠᠢ ᠠᠵᠤ ᠠᠬᠤᠶᠢᠯᠠᠯ 50 ᠶᠢ ᠳᠠᠪᠠᠭᠰᠠᠨ ᠮᠥᠷᠲᠡᠭᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠨᠢ 5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠦᠭᠰᠡᠨ ᠪᠠᠶᠢᠪᠠᠯ᠂ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠲᠠᠯ᠎ᠠ ᠳᠤ 200 ᠲᠦᠮᠡᠨ ᠲᠥᠭᠦᠷᠢᠭ ᠤᠨ ᠠᠷᠠᠳ ᠤᠨ ᠵᠣᠭᠤᠰ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ︵ᠡᠮᠦᠨᠡᠬᠢ ᠵᠡᠷᠭᠡᠯᠡᠯ ᠪᠠᠭᠲᠠᠨ᠎ᠠ︶ ᠣᠯᠭᠤᠨ᠎ᠠ᠃      ︵ᠳᠥᠷᠪᠡ︶ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠪᠤᠶᠤ ᠳᠡᠯᠭᠡᠭᠦᠷ ᠤᠨ ᠳᠣᠲᠣᠷ᠎ᠠ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠦᠭᠰᠡᠨ ᠲᠠᠸᠠᠷ ᠤᠨ ᠲᠥᠷᠥᠯ ᠵᠦᠢᠯ ᠤᠨ ᠲᠤᠭ᠎ᠠ ᠨᠢ 300 ᠠᠴᠠ ᠳᠣᠣᠷ᠎ᠠ ᠦᠭᠡᠢ᠂ ᠰᠦᠯᠵᠢᠶ᠎ᠡ ᠪᠠᠷ ᠳᠠᠮᠵᠢᠭᠤᠯᠤᠨ ᠬᠤᠳᠠᠯᠳᠤᠬᠤ ᠲᠠᠸᠠᠷ ᠤᠨ ᠲᠥᠷᠥᠯ ᠵᠦᠢᠯ ᠤᠨ ᠲᠤᠭ᠎ᠠ ᠨᠢ 500 ᠠᠴᠠ ᠳᠣᠣᠷ᠎ᠠ ᠦᠭᠡᠢ᠂ ᠪᠦᠬᠦᠯᠢ ᠨᠢᠭᠡ ᠵᠢᠯ ᠡᠵᠡᠩᠨᠡᠭᠰᠡᠨ ᠮᠥᠷᠲᠡᠭᠡᠨ ᠵᠢᠯ ᠤᠨ ᠠᠷᠠᠯᠵᠢᠶᠠᠯᠠᠭᠰᠠᠨ ᠲᠤᠭ᠎ᠠ ᠨᠢ 1000 ᠲᠦᠮᠡᠨ ᠲᠥᠭᠦᠷᠢᠭ ᠠᠷᠠᠳ ᠤᠨ ᠵᠣᠭᠤᠰ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠰᠦᠯᠵᠢᠶᠡᠨ ᠭᠠᠳᠠᠨᠠᠬᠢ ᠳᠡᠯᠭᠡᠭᠦᠷ ᠲᠤ ᠲᠡᠭᠰᠢ ᠳᠥᠷᠪᠡᠯᠵᠢᠨ ᠮᠧᠲᠷ ᠪᠦᠷᠢ ᠳᠤ 600 ᠲᠥᠭᠦᠷᠢᠭ ᠠᠷᠠᠳ ᠤᠨ ᠵᠣᠭᠤᠰ ᠤᠨ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠲᠠᠪᠤ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ ᠪᠠᠲᠤᠯᠠᠬᠤ ᠬᠥᠮᠥᠷᠭᠡ ᠶᠢ ᠲᠦᠷᠢᠶᠡᠰᠦᠯᠡᠨ ᠬᠡᠷᠡᠭᠯᠡᠬᠦ ᠶᠢᠨ ᠬᠠᠮᠲᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠲᠠᠢ ᠲᠣᠭᠲᠠᠭᠰᠠᠨ ᠭᠡᠷ᠎ᠡ ᠳᠤ ᠲᠣᠭᠲᠠᠭᠰᠠᠨ ᠱᠠᠭᠠᠷᠳᠠᠯᠭ᠎ᠠ ᠳᠤ ᠬᠦᠷᠦᠭᠰᠡᠨ ᠠᠵᠤ ᠠᠬᠤᠶᠢᠯᠠᠯ ᠳᠤ᠂ ᠡᠭᠦᠰᠦᠭᠰᠡᠨ ᠬᠥᠮᠥᠷᠭᠡ ᠳᠦᠷᠢᠶᠡᠰᠦᠯᠡᠬᠦ ᠵᠠᠷᠤᠳᠠᠯ ᠳᠤ ᠪᠥᠬᠦ ᠲᠣᠭᠠᠨ ᠤ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠳᠠᠩ ᠭᠠᠭᠴᠠ ᠠᠵᠤ ᠠᠬᠤᠶᠢᠯᠠᠯ ᠳᠤ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      ︵ᠵᠢᠷᠭᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠠᠬᠢ ᠣᠯᠠᠨ ᠨᠡᠶᠢᠲᠡ ᠶᠢᠨ ᠬᠥᠮᠥᠷᠭᠡ ᠪᠠᠶᠢᠭᠤᠯᠤᠭᠰᠠᠨ ᠠᠵᠤ ᠠᠬᠤᠶᠢᠯᠠᠯ ᠳᠤ᠂ ᠭᠠᠳᠠᠭᠠᠳᠤ ᠳᠠᠬᠢ ᠳᠠᠩ ᠭᠠᠭᠴᠠ ᠣᠯᠠᠨ ᠨᠡᠶᠢᠲᠡ ᠶᠢᠨ ᠬᠥᠮᠥᠷᠭᠡ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ᠂ ᠡᠵᠡᠩᠨᠡᠭᠡᠳ ᠪᠦᠬᠦᠯᠢ ᠨᠢᠭᠡ ᠵᠢᠯ ᠪᠣᠯᠣᠭᠰᠠᠨ ᠮᠥᠷᠲᠡᠭᠡᠨ ᠦᠢᠯᠡᠴᠢᠯᠡᠭᠰᠡᠨ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠠᠵᠤ ᠠᠬᠤᠶᠢᠯᠠᠯ ᠨᠢ ᠪᠦᠬᠦ ᠦᠢᠯᠡᠴᠢᠯᠡᠭᠰᠡᠨ ᠠᠵᠤ ᠠᠬᠤᠶᠢᠯᠠᠯ ᠤᠨ 50% ᠶᠢ ᠳᠠᠪᠠᠭᠰᠠᠨ ᠪᠠᠶᠢᠪᠠᠯ᠂ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ ᠣᠷᠣᠭᠤᠯᠤᠯᠲᠠ ᠶᠢᠨ ᠲᠤᠭ᠎ᠠ ᠶᠢᠨ 30% ᠪᠠᠷ ᠱᠠᠩᠨᠠᠵᠤ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠭᠠᠳᠠᠭᠠᠳᠤ ᠳᠠᠬᠢ ᠬᠥᠮᠥᠷᠭᠡ ᠶᠢ ᠲᠦᠷᠢᠶᠡᠰᠦᠯᠡᠵᠦ᠂ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠮᠥᠷᠲᠡᠭᠡᠨ ᠬᠡᠷᠡᠭᠯᠡᠭᠡᠳ ᠪᠦᠬᠦᠯᠢ ᠨᠢᠭᠡ ᠵᠢᠯ ᠪᠣᠯᠤᠭᠰᠠᠨ ᠪᠠᠶᠢᠪᠠᠯ ᠪᠣᠳᠠᠲᠠᠢ ᠲᠦᠷᠢᠶᠡᠰᠦᠯᠡᠬᠦ ᠵᠠᠷᠤᠳᠠᠯ ᠤᠨ 30% ᠪᠠᠷ ᠳᠡᠮᠵᠢᠯᠭᠡ ᠦᠵᠡᠭᠦᠯᠵᠦ᠂ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠳᠣᠯᠤᠭ᠎ᠠ︶ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠢ ᠥᠷᠨᠢᠭᠦᠯᠦᠭᠰᠡᠨ ᠠᠵᠤ ᠠᠬᠤᠶᠢᠯᠠᠯ ᠪᠤᠶᠤ ᠪᠠᠶᠢᠭᠤᠯᠤᠮᠵᠢ ᠳᠤ᠂ ᠪᠣᠯᠪᠠᠰᠤᠷᠠᠭᠤᠯᠤᠯ ᠤᠨ ᠠᠩᠭᠢ ᠡᠷᠬᠢᠯᠡᠭᠰᠡᠨ ᠤᠳᠠᠭ᠎ᠠ ᠨᠢ 5 ᠠᠴᠠ ᠳᠣᠣᠷ᠎ᠠ ᠦᠭᠡᠢ ᠮᠥᠷᠲᠡᠭᠡᠨ ᠤᠳᠠᠭ᠎ᠠ ᠪᠦᠷᠢ 20 ᠠᠴᠠ ᠳᠣᠣᠷ᠎ᠠ ᠦᠭᠡᠢ ᠬᠥᠮᠥᠨ ᠲᠠᠢ ᠪᠠᠶᠢᠪᠠᠯ᠂ ᠬᠥᠮᠥᠨ ᠨᠢᠭᠡᠪᠦᠷᠢ ᠳᠤ 200 ᠲᠥᠭᠦᠷᠢᠭ ᠠᠷᠠᠳ ᠤᠨ ᠵᠣᠭᠤᠰ ᠤᠨ ᠪᠠᠷᠢᠮᠵᠢᠶ᠎ᠠ ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠨᠠᠢᠮᠠ︶ ᠵᠢᠯ ᠤᠨ ᠦᠢᠯᠡᠴᠢᠯᠡᠭᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠨᠢ 20 ᠶᠢ ᠬᠡᠲᠦᠷᠡᠭᠰᠡᠨ ᠮᠥᠷᠲᠡᠭᠡᠨ ᠵᠢᠯ ᠤᠨ ᠪᠣᠭᠤᠮᠲᠠ ᠪᠠᠷ ᠥᠩᠭᠡᠷᠡᠭᠰᠡᠨ ᠠᠷᠠᠯᠵᠢᠶ᠎ᠠ ᠶᠢᠨ ᠲᠤᠭ᠎ᠠ ᠨᠢ 5000 ᠲᠦᠮᠡᠨ ᠲᠥᠭᠦᠷᠢᠭ ᠠᠷᠠᠳ ᠤᠨ ᠵᠣᠭᠤᠰ ᠬᠦᠷᠦᠭᠰᠡᠨ ᠭᠤᠷᠪᠠᠳᠠᠭᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠤᠶᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠦᠨᠡᠯᠡᠨ ᠲᠣᠭᠲᠠᠭᠠᠭᠰᠠᠨ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ᠂ ᠠᠷᠠᠯᠵᠢᠶ᠎ᠠ ᠶᠢᠨ ᠲᠤᠭ᠎ᠠ ᠶᠢᠨ 2% ᠢᠶᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ︵ᠶᠢᠰᠦ︶ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 2000 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠡᠭᠡᠭᠰᠢᠬᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠳᠤ᠂ ᠵᠢᠯ ᠤᠨ ᠪᠣᠳᠠᠲᠠᠢ ᠡᠭᠦᠰᠦᠭᠰᠡᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠷᠤᠳᠠᠯ ᠤᠨ 30% ᠪᠠᠷ ᠳᠡᠮᠵᠢᠯᠭᠡ ᠦᠵᠡᠭᠦᠯᠵᠦ᠂ ᠳᠠᠩ ᠭᠠᠭᠴᠠ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃      ︵ᠠᠷᠪᠠ︶ ᠮᠠᠨ ᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠥᠷᠥᠯ ᠵᠦᠢᠯ ︵ᠭᠤᠣᠯ ᠴᠣᠭᠴᠠ︶ ᠳᠤ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃      ᠳᠥᠷᠪᠡᠳᠦᠭᠡᠷ ᠵᠦᠢᠯ ᠲᠣᠰ ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠣᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠪᠣᠳᠠᠲᠠᠢ ᠬᠡᠷᠡᠭᠵᠢᠭᠦᠯᠦᠨ᠎ᠡ᠃ ᠳᠡᠮᠵᠢᠯᠭᠡ ᠶᠢᠨ ᠪᠡᠯᠡ ᠮᠥᠩᠭᠦ ᠶᠢ ᠣᠨ ᠢᠶᠠᠷ ᠣᠯᠭᠤᠵᠤ᠂ ᠵᠢᠯ ᠪᠦᠷᠢ ᠶᠢᠨ ᠳᠡᠭᠡᠷ᠎ᠡ ᠬᠠᠭᠠᠰ ᠵᠢᠯ ᠳᠤ ᠳᠡᠭᠡᠷ᠎ᠡ ᠨᠢᠭᠡ ᠵᠢᠯ ᠤᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠵᠦ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠵᠢᠯ ᠪᠦᠷᠢ ᠶᠢᠨ ᠪᠠᠭᠤᠯᠭᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠬᠦ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠡᠭᠦᠨ ᠳᠤ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠥᠷᠨᠢᠭᠦᠯᠵᠦ ᠪᠠᠶᠢᠭ᠎ᠠ ᠠᠵᠤ ᠠᠬᠤᠶᠢᠯᠠᠯ ᠨᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠲᠣᠰ ᠠᠵᠤ ᠠᠬᠤᠶᠢᠯᠠᠯ ᠤᠨ ᠢᠶᠠᠨ ᠲᠥᠷᠥ ᠶᠢᠨ ᠪᠣᠳᠣᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠠᠴᠠ ᠠᠩᠬᠠᠨ ᠤ ᠬᠢᠨᠠᠯᠲᠠ ᠬᠢᠨ᠎ᠡ︔ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠥᠷᠨᠢᠭᠦᠯᠵᠦ ᠪᠠᠶᠢᠭ᠎ᠠ ︵ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠲᠤᠬᠠᠶᠢᠯᠠᠭᠰᠠᠨ ᠠᠵᠢᠯ ᠥᠷᠨᠢᠭᠦᠯᠬᠦ ᠪᠣᠯᠪᠠᠴᠤ  ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠠᠩᠬᠠᠨ ᠤ ᠬᠢᠨᠠᠯᠲᠠ ᠬᠢᠨ᠎ᠡ︶ ᠠᠵᠤ ᠠᠬᠤᠶᠢᠯᠠᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ ᠲᠥᠷᠥ ᠶᠢᠨ ᠪᠣᠳᠣᠯᠭ᠎ᠠ ᠶᠢᠨ ᠨᠥᠬᠦᠪᠦᠷᠢ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ᠂ ᠬᠤᠷᠢᠨᠭᠡᠷ ᠰᠢᠨ᠎ᠡ ᠲᠣᠭᠤᠷᠢᠭ ᠠᠴᠠ ᠠᠩᠬᠠᠨ ᠤ ᠬᠢᠨᠠᠯᠲᠠ ᠬᠢᠨ᠎ᠡ︔ ᠪᠤᠰᠤᠳ ᠳᠡᠮᠵᠢᠬᠦ ᠵᠦᠢᠯ ᠤᠨ ᠭᠤᠶᠤᠴᠢᠯᠠᠯ ᠢ ᠠᠵᠤ ᠠᠬᠤᠶᠢᠯᠠᠯ ᠠᠴᠠ ᠰᠢᠭᠤᠳ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠬᠢᠨᠠᠭᠤᠯᠤᠨ᠎ᠠ᠃ ᠠᠳᠠᠯᠢ ᠨᠢᠭᠡᠨ ᠭᠤᠣᠯ ᠴᠣᠭᠴᠠ ᠨᠢ ᠣᠯᠠᠨ ᠲᠥᠷᠥᠯ ᠵᠦᠢᠯ ᠢ ᠵᠡᠷᠭᠡᠪᠡᠷ ᠭᠤᠶᠤᠴᠢᠯᠠᠨ ᠮᠡᠳᠡᠭᠦᠯᠵᠦ ᠪᠣᠯᠣᠨ᠎ᠠ᠂ ᠳᠡᠮᠵᠢᠬᠦ ᠶᠡᠷᠦᠩᠬᠡᠢ ᠲᠤᠭ᠎ᠠ ᠶᠢ 1000 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃      ᠲᠠᠪᠤᠳᠤᠭᠠᠷ ᠵᠦᠢᠯ ᠪᠡᠯᠡ ᠮᠥᠩᠭᠦ ᠶᠢᠨ ᠳᠡᠮᠵᠢᠯᠭᠡ ᠭᠤᠶᠤᠴᠢᠯᠠᠬᠤ ᠮᠠᠲ᠋ᠧᠷᠢᠶᠠᠯ      ︵ᠨᠢᠭᠡ︶ ᠳᠡᠮᠵᠢᠯᠭᠡ ᠶᠢᠨ ᠪᠡᠯᠡ ᠮᠥᠩᠭᠦ ᠭᠤᠶᠤᠴᠢᠯᠠᠬᠤ ᠬᠦᠰᠦᠨᠦᠭᠲᠦ᡾︔      ︵ᠬᠤᠶᠠᠷ︶ ᠭᠤᠶᠤᠴᠢᠯᠠᠬᠤ ᠨᠢᠭᠡᠴᠢ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ︔      ︵ᠭᠤᠷᠪᠠ︶ ᠭᠤᠶᠤᠴᠢᠯᠠᠬᠤ ᠨᠢᠭᠡᠴᠢ ᠪᠤᠶᠤ ᠭᠤᠶᠤᠴᠢᠯᠠᠬᠤ ᠨᠢᠭᠡᠴᠢ ᠶᠢᠨ ᠦᠢᠯᠡᠴᠢᠯᠡᠬᠦ ᠡᠲᠡᠭᠡᠳ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠬᠥᠬᠡᠬᠤᠲᠠ ᠶᠢᠨ ᠪᠣᠭᠤᠮᠲᠠ ᠶᠢᠨ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠣᠯᠭᠠᠭᠤᠯᠤᠯᠲᠠ ᠶᠢᠨ ᠨᠢᠭᠡᠳᠦᠯᠲᠡᠢ ᠬᠡᠪᠯᠡᠯ ᠤᠨ ᠵᠣᠯᠭᠠᠭᠤᠯᠤᠯᠲᠠ ᠶᠢᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠵᠢᠴᠢ ᠬᠠᠷᠠᠭᠠᠯᠵᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠥᠪᠰᠢᠶᠡᠷᠡᠯ ᠤᠨ ᠨᠠᠷᠢᠨ ᠬᠠᠭᠤᠳᠠᠰᠤ ᠶᠢᠨ ᠬᠡᠮᠵᠢᠶ᠎ᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠡᠯᠭᠡᠨ ᠦᠵᠡᠭᠦᠯᠵᠦ ᠠᠷᠠᠯᠵᠢᠶᠠᠯᠠᠭᠰᠠᠨ ᠪᠣᠷᠣᠯᠠᠭᠤᠯᠤᠯᠲᠠ ᠶᠢᠨ ᠲᠤᠭ᠎ᠠ ᠶᠢᠨ ᠲᠤᠭ᠎ᠠ ᠪᠠᠷᠢᠮᠲᠠ︔      ︵ᠳᠥᠷᠪᠡ︶ ᠬᠦᠷᠢᠶᠡᠯᠡᠩ ᠲᠣᠭᠤᠷᠢᠭ ᠢ ᠦᠨᠡᠯᠡᠨ ᠲᠣᠭᠲᠠᠭᠠᠭᠰᠠᠨ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠤᠨ ᠨᠡᠷᠡᠰ᠂ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠠᠬᠤᠶᠢᠯᠠᠯ ᠯᠤᠭ᠎ᠠ ᠲᠣᠭᠲᠠᠭᠰᠠᠨ ᠭᠡᠷ᠎ᠡ ᠶᠢᠨ ᠬᠠᠭᠤᠯᠪᠤᠷᠢ᠂ ᠬᠦᠷᠢᠶᠡᠯᠡᠩ ᠲᠣᠭᠤᠷᠢᠭ ᠤᠨ ᠬᠡᠷᠡᠭᠯᠡᠭᠰᠡᠨ ᠲᠠᠯᠠᠪᠠᠶ ᠶᠢ ᠭᠡᠷᠡᠴᠢᠯᠡᠬᠦ ᠮᠠᠲ᠋ᠧᠷᠢᠶᠠᠯ ᠪᠤᠶᠤ ᠲᠦᠷᠢᠶᠡᠰᠦᠯᠡᠭᠰᠡᠨ ᠭᠡᠷ᠎ᠡ︔      ︵ᠲᠠᠪᠤ︶ O2O ᠰᠦᠯᠵᠢᠶᠡᠨ ᠭᠠᠳᠠᠨᠠᠬᠢ ᠳᠡᠯᠭᠡᠭᠦᠷ ᠤᠨ ᠲᠥᠷᠥᠯ ᠵᠦᠢᠯ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠭᠡᠷᠡᠴᠢᠯᠡᠬᠦ ᠮᠠᠲ᠋ᠧᠷᠢᠶᠠᠯ ᠪᠤᠶᠤ ᠲᠦᠷᠢᠶᠡᠰᠦᠯᠡᠭᠰᠡᠨ ᠭᠡᠷ᠎ᠡ᠂ ᠡᠵᠡᠩᠨᠡᠬᠦ ᠲᠠᠸᠠᠷ ᠤᠨ ᠲᠥᠷᠥᠯ ᠵᠦᠢᠯ ᠤᠨ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ︔      ︵ᠵᠢᠷᠭᠤᠭ᠎ᠠ︶ ᠠᠵᠤ ᠠᠬᠤᠶᠢᠯᠠᠯ ᠤᠨ ᠭᠠᠳᠠᠭᠠᠳᠤ ᠳᠠᠬᠢ ᠬᠥᠮᠥᠷᠭᠡ ᠶᠢ ᠪᠦᠲᠦᠭᠡᠨ ᠪᠠᠶᠢᠭᠤᠯᠬᠤ᠂ ᠲᠦᠷᠢᠶᠡᠰᠦᠯᠡᠬᠦ ᠳᠤ ᠬᠤᠯᠪᠣᠭᠳᠠᠬᠤ ᠲᠤᠨᠤᠭ ᠲᠥᠬᠦᠭᠡᠷᠦᠮᠵᠢ ᠶᠢ ᠬᠤᠳᠠᠯᠳᠤᠨ ᠠᠪᠤᠭᠰᠠᠨ᠂ ᠭᠠᠵᠠᠷ ᠬᠡᠷᠡᠭᠯᠡᠭᠰᠡᠨ᠂ ᠬᠠᠮᠲᠤᠷᠠᠯᠴᠠᠭ᠎ᠠ ᠵᠡᠷᠭᠡ ᠵᠦᠢᠯ ᠤᠨ ᠭᠡᠷ᠎ᠡ᠂ ᠫᠢᠶᠣᠣ ᠪᠠᠷᠢᠮᠲᠠ︔      ︵ᠳᠣᠯᠤᠭ᠎ᠠ︶ ᠠᠯᠪᠠᠯᠠᠬᠤ ᠵᠢᠴᠢ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ ᠲᠠᠯᠠᠪᠤᠷ ᠤᠨ ᠲᠦᠷᠢᠶᠡᠰᠦᠯᠡᠬᠦ ᠭᠡᠷ᠎ᠡ ᠶᠢᠨ ᠬᠠᠭᠤᠯᠪᠤᠷᠢ ᠵᠢᠴᠢ ᠦᠢᠯᠡᠳᠪᠦᠷᠢᠯᠡᠯ ᠤᠨ ᠴᠢᠳᠠᠪᠤᠷᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠭᠦᠷᠦᠭᠰᠡᠨ ᠢ ᠭᠡᠷᠡᠴᠢᠯᠡᠬᠦ ᠮᠠᠲ᠋ᠧᠷᠢᠶᠠᠯ︔      ︵ᠨᠠᠢᠮᠠ︶ ᠲᠠᠪᠴᠠᠩ ᠪᠤᠶᠤ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ ᠪᠠᠶᠢᠭ᠎ᠠ ᠠᠵᠤ ᠠᠬᠤᠶᠢᠯᠠᠯ ᠤᠨ ᠬᠠᠮᠢᠶ᠎ᠠ ᠪᠦᠬᠦᠢ ᠦᠢᠯᠡᠴᠢᠯᠡᠬᠦ ᠡᠲᠡᠭᠡᠳ ᠯᠦᠭᠡ ᠲᠣᠭᠲᠠᠭᠰᠠᠨ ᠦᠢᠯᠡᠴᠢᠯᠡᠭᠡᠨ ᠤ ᠭᠡᠷ᠎ᠡ᠂ ᠫᠢᠶᠣᠣ ᠪᠠᠷᠢᠮᠲᠠ ᠵᠢᠴᠢ ᠬᠠᠷᠠᠭᠠᠯᠵᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠬᠡᠮᠵᠢᠶ᠎ᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠥᠪᠰᠢᠶᠡᠷᠡᠯ ᠤᠨ ᠨᠠᠷᠢᠨ ᠬᠠᠭᠤᠳᠠᠰᠤ ᠶᠢᠨ ᠬᠡᠮᠵᠢᠶ᠎ᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠡᠯᠭᠡᠨ ᠦᠵᠡᠭᠦᠯᠵᠦ ᠠᠷᠠᠯᠵᠢᠶᠠᠯᠠᠭᠰᠠᠨ ᠪᠣᠷᠣᠯᠠᠭᠤᠯᠤᠯᠲᠠ ᠶᠢᠨ ᠲᠤᠭ᠎ᠠ ᠶᠢᠨ ᠲᠤᠭ᠎ᠠ ᠪᠠᠷᠢᠮᠲᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠭᠰᠠᠨ ᠪᠢᠴᠢᠭ ᠮᠠᠲ᠋ᠧᠷᠢᠶᠠᠯ︔      ︵ᠶᠢᠰᠦ︶ ᠪᠣᠯᠪᠠᠰᠤᠷᠠᠭᠤᠯᠤᠯ ᠤᠨ ᠬᠤᠷᠠᠯ ᠤᠨ ᠲᠥᠰᠥᠯ᠂ ᠪᠣᠯᠪᠠᠰᠤᠷᠠᠭᠤᠯᠤᠯ ᠤᠨ ᠬᠤᠷᠠᠯ ᠤᠨ ᠨᠡᠷ᠎ᠡ ᠶᠢᠨ ᠪᠦᠷᠢᠳᠬᠡᠯ᠂ ᠪᠣᠯᠪᠠᠰᠤᠷᠠᠭᠤᠯᠤᠯ ᠤᠨ ᠬᠤᠷᠠᠯ ᠤᠨ ᠠᠬᠤᠢ ᠲᠠᠯᠠᠪᠠᠶ ᠶᠢᠨ ᠬᠡᠷᠡᠯ ᠵᠢᠷᠤᠭ ᠵᠢᠴᠢ ᠰᠤᠷᠤᠯᠭᠠᠲᠠᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔      ︵ᠠᠷᠪᠠ︶ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ ᠪᠢᠴᠢᠬᠦ ᠶᠢᠨ ᠬᠠᠮᠲᠤ ᠬᠠᠤᠯᠢ ᠶᠢᠨ ᠬᠥᠮᠥᠨ ᠭᠠᠷ ᠤᠨ ᠦᠰᠦᠭ ᠵᠢᠷᠤᠵᠤ᠂ ᠠᠯᠪᠠᠨ ᠲᠠᠮᠠᠭ᠎ᠠ ᠳᠠᠷᠤᠨ᠎ᠠ︔      ︵ᠠᠷᠪᠠᠨ ᠨᠢᠭᠡ︶ ᠲᠥᠷᠥᠯ ᠵᠦᠢᠯ ᠢ ᠭᠤᠶᠤᠴᠢᠯᠠᠬᠤ ᠲᠠᠢ ᠬᠠᠮᠢᠶ᠎ᠠ ᠲᠠᠢ ᠪᠤᠰᠤᠳ ᠮᠠᠲ᠋ᠧᠷᠢᠶᠠᠯ᠃      ᠵᠢᠷᠭᠤᠳᠤᠭᠠᠷ ᠵᠦᠢᠯ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠠᠵᠤ ᠠᠬᠤᠶᠢᠯᠠᠯ ᠤᠨ ᠮᠡᠳᠡᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠲᠥᠷᠥᠯ ᠵᠦᠢᠯ ᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠰᠢᠯᠵᠢᠭᠦᠯᠦᠨ ᠮᠡᠳᠡᠭᠦᠯᠦᠨ᠎ᠡ᠃ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠭᠢ ᠡᠲᠡᠭᠡᠳ ᠤᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠭᠤᠶᠤᠴᠢᠯᠠᠨ‌ᠮᠡᠳᠡᠭᠦᠯᠬᠦ ᠮᠠᠲ᠋ᠧᠷᠢᠶᠠᠯ ᠳᠤ ᠬᠢᠨᠠᠨ ᠲᠣᠭᠲᠠᠭᠠᠯᠲᠠ ᠬᠢᠯᠭᠡᠵᠦ᠂ ᠬᠢᠨᠠᠨ ᠲᠣᠭᠲᠠᠭᠠᠯᠲᠠ ᠪᠠᠷ ᠪᠠᠲᠤᠯᠠᠭᠰᠠᠨ ᠠᠵᠤ ᠠᠬᠤᠶᠢᠯᠠᠯ ᠤᠨ ᠨᠡᠷᠡᠰ ᠢ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠬᠢᠨᠠᠨ ᠲᠣᠭᠲᠠᠭᠠᠭᠰᠠᠨ ᠦᠷ᠎ᠡ ᠳ᠋ᠦᠩ ᠳᠣᠲᠣᠷ᠎ᠠ ᠵᠠᠷᠯᠠᠵᠤ᠂ ᠵᠠᠷᠯᠠᠬᠤ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃      ᠳᠣᠯᠣᠳᠤᠭᠠᠷ ᠵᠦᠢᠯ ᠬᠢᠨᠠᠨ ᠲᠣᠭᠲᠠᠭᠠᠭᠰᠠᠨ ᠦᠷ᠎ᠡ ᠳ᠋ᠦᠩ ᠪᠠ ᠵᠠᠷᠯᠠᠭᠰᠠᠨ ᠨᠡᠷᠡᠰ ᠢ ᠦᠨᠳᠦᠰᠦᠯᠡᠨ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠷᠴᠢᠮ ᠳᠡᠭᠡᠷ᠎ᠡ ᠪᠠᠨ ᠵᠠᠷᠯᠠᠯ ᠳᠠᠭᠤᠰᠤᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠵᠣᠭᠤᠰ ᠬᠡᠷᠡᠭᠯᠡᠬᠦ ᠲᠥᠯᠥᠪᠯᠡᠭᠡ ᠪᠠᠨ ᠳᠤᠷᠠᠳᠬᠤ ᠬᠡᠷᠡᠭᠲᠡᠢ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠣᠭᠤᠰ ᠬᠡᠷᠡᠭᠯᠡᠬᠦ ᠲᠥᠯᠥᠪᠯᠡᠭᠡ ᠶᠢ ᠣᠯᠣᠭᠰᠠᠨ ᠤ ᠳᠠᠷᠠᠭ᠎ᠠ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠪᠡᠯᠡ ᠮᠥᠩᠭᠦ ᠰᠠᠯᠭᠠᠨ ᠥᠭᠴᠦ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠷᠴᠢᠮ ᠳᠡᠭᠡᠷ᠎ᠡ ᠪᠠᠨ ᠪᠡᠯᠡ ᠮᠥᠩᠭᠦ ᠪᠠᠭᠤᠯᠭᠠᠭᠰᠠᠨ ᠤ ᠳᠠᠷᠠᠭᠠᠬᠢ 15 ᠠᠵᠢᠯᠯᠠᠬᠤ ᠡᠳᠦᠷ ᠤᠨ ᠳᠣᠲᠣᠷ᠎ᠠ ᠵᠠᠷᠯᠠᠯ ᠳᠤ ᠣᠨᠳᠣᠣ ᠰᠠᠨᠠᠯ ᠦᠭᠡᠢ ᠠᠵᠤ ᠠᠬᠤᠶᠢᠯᠠᠯ ᠳᠤ ᠪᠡᠯᠡ ᠮᠥᠩᠭᠦ ᠰᠠᠯᠭᠠᠨ ᠥᠭᠭᠦᠨ᠎ᠡ᠃      ᠨᠠᠢᠮᠠᠳᠤᠭᠠᠷ ᠵᠦᠢᠯ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠭᠥᠷᠳᠡᠬᠦ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠬᠡᠷᠪᠡ ᠳᠣᠣᠷᠠᠬᠢ ᠪᠠᠶᠢᠳᠠᠯ ᠤᠨ ᠨᠢᠭᠡ ᠨᠢ ᠣᠷᠣᠰᠢᠵᠤ ᠪᠠᠶᠢᠪᠠᠯ᠂ ᠲᠣᠰ ᠲᠥᠷᠥ ᠶᠢᠨ ᠪᠣᠳᠣᠯᠭ᠎ᠠ ᠶᠢᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠳᠠᠭᠢᠵᠤ ᠭᠥᠷᠳᠡᠬᠦ ᠦᠭᠡᠢ᠂ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠨᠢᠭᠡᠨᠲᠡ ᠭᠥᠷᠳᠡᠭᠰᠡᠨ ᠠᠵᠤ ᠠᠬᠤᠶᠢᠯᠠᠯ ᠣᠯᠣᠭᠰᠠᠨ ᠪᠡᠯᠡ ᠮᠥᠩᠭᠦ ᠪᠠᠨ ᠪᠤᠴᠠᠭᠠᠬᠤ ᠬᠡᠷᠡᠭᠲᠡᠢ᠃      ︵ᠨᠢᠭᠡ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠢᠶᠠᠷ ᠳᠡᠮᠵᠢᠯᠭᠡ ᠶᠢᠨ ᠲᠤᠰᠬᠠᠢ ᠪᠡᠯᠡ ᠮᠥᠩᠭᠦ ᠶᠢ ᠮᠡᠬᠡᠯᠡᠨ ᠣᠯᠣᠭᠰᠠᠨ︔      ︵ᠬᠤᠶᠠᠷ︶ ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠪᠠᠶᠢᠬᠤ︔      ︵ᠭᠤᠷᠪᠠ︶ ᠠᠵᠤ ᠠᠬᠤᠶᠢᠯᠠᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ ᠲᠠᠢ ᠪᠠᠶᠢᠵᠤ ᠵᠠᠰᠠᠭ ᠵᠠᠬᠢᠷᠭᠠᠨ ᠤ ᠰᠢᠢᠳᠬᠡᠯ ᠣᠯᠣᠭᠰᠠᠨ᡾︔      ︵ᠳᠥᠷᠪᠡ︶ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠤᠰᠤᠳ ᠠᠵᠢᠯᠯᠠᠭ᠎ᠠ ᠨᠤᠭᠤᠳ᠃      ᠶᠢᠰᠦᠳᠦᠭᠡᠷ ᠵᠦᠢᠯ ᠲᠥᠷᠥ ᠶᠢᠨ ᠪᠣᠳᠣᠯᠭ᠎ᠠ ᠶᠢᠨ ᠨᠥᠬᠦᠪᠦᠷᠢ ᠣᠯᠣᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠳ ᠪᠦᠷᠢᠨ ᠪᠦᠲᠦᠨ ᠲᠠᠩᠰᠠ ᠡᠪᠬᠡᠮᠡᠯ ᠪᠠᠶᠢᠭᠤᠯᠵᠤ᠂ ᠭᠤᠶᠤᠴᠢᠯᠠᠬᠤ ᠪᠠ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠢᠶᠠᠨ ᠲᠣᠬᠢᠲᠠᠢ ᠬᠠᠳᠠᠭᠠᠯᠠᠨ ᠬᠠᠮᠢᠶᠠᠷᠴᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃      ᠠᠷᠪᠠᠳᠤᠭᠠᠷ ᠵᠦᠢᠯ ᠲᠣᠰ ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠪᠣᠳᠠᠲᠠᠢ ᠬᠡᠷᠡᠭᠵᠢᠭᠦᠯᠬᠦ ᠶᠠᠪᠤᠴᠠ ᠳᠠᠬᠢ ᠲᠠᠶᠢᠯᠪᠤᠷᠢᠯᠠᠬᠤ ᠠᠵᠢᠯ ᠢ ᠡᠭᠦᠷᠭᠡᠯᠡᠵᠦ᠂ ︽ᠭᠤᠶᠤᠴᠢᠯᠠᠬᠤ ᠮᠡᠳᠡᠭᠳᠡᠯ︾ ᠢ ᠣᠨ ᠢᠶᠠᠷ ᠲᠣᠭᠲᠠᠭᠠᠵᠤ ᠨᠡᠶᠢᠲᠡᠯᠡᠨ᠎ᠡ᠃      ᠠᠷᠪᠠᠨ ᠨᠢᠭᠡᠳᠦᠭᠡᠷ ᠵᠦᠢᠯ ᠲᠤᠰ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 3 ᠵᠢᠯ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1