ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/10/11
           ᠬᠥᠬᠡᠬᠤᠲᠠ ᠵᠠᠰᠠᠭ ᠲᠠᠷᠬᠠᠭᠠᠭᠰᠠᠨ ﹇2023﹈ 19 ᠳ᠋ᠦ᠋ᠭᠡᠷ ᠲᠣᠭᠠᠲᠤ                          ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠨ᠂ ᠨᠢᠰᠦᠯᠲᠡ ᠶᠢᠨ ᠠᠶᠤᠯᠭᠦᠢ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠬᠠᠤᠯᠢ︾ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠳᠦᠷᠢᠮ︾ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠡᠪᠡᠷ ᠠᠭᠠᠷ ᠤᠨ ᠬᠢᠨᠠᠨ ᠬᠠᠷᠭᠤᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠠᠭᠠᠷ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ︶᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠠᠭᠠᠷ ᠲᠣᠭᠲᠠᠭᠠᠯ ﹇2022﹈ 35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 200 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠠᠭᠠᠷ ᠲᠣᠭᠲᠠᠭᠠᠯ ﹇2022﹈ 35 ᠳ᠋ᠤᠭᠠᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ ᠤᠨ ᠪᠠᠷᠢᠮᠵᠢᠶᠠᠲᠤ ᠴᠡᠭ ᠢᠶᠠᠷ ᠲᠣᠭᠤᠷᠢᠭ ᠤᠨ ᠲᠥᠪ ᠪᠣᠯᠭᠠᠵᠤ᠂ ᠬᠡᠪᠲᠡᠭᠡ ᠷᠠᠳᠢᠦ᠋ᠰ ᠨᠢ 55 ᠺᠢᠯᠣᠮᠧᠲᠷ ᠤᠨ ᠣᠷᠣᠨ ᠵᠠᠢ ᠶᠢᠨ ᠣᠷᠣᠨ ᠪᠦᠰᠡ ᠶᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠪᠣᠯᠭᠠᠨ᠎ᠠ       ᠬᠤᠶᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠬᠠᠤᠯᠢ︾᠂ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠳᠦᠷᠢᠮ︾᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠠᠭᠠᠷ ᠲᠣᠭᠲᠠᠭᠠᠯ ﹇2022﹈ 35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 200 ᠳ᠋ᠤᠭᠠᠷ ᠲᠣᠭᠠᠲᠤ︶ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ᠂ ᠨᠢᠰᠦᠯᠲᠡ ᠶᠢᠨ ᠠᠶᠤᠯᠭᠦᠢ ᠶᠢ ᠨᠥᠯᠥᠭᠡᠯᠡᠬᠦ ᠳᠣᠣᠷᠠᠬᠢ ᠮᠡᠲᠦ ᠦᠢᠯᠡ ᠠᠵᠢᠯᠯᠠᠭ᠎ᠠ ᠡᠭᠦᠰᠬᠦ ᠶᠢ  ᠰᠡᠷᠭᠡᠶᠢᠯᠡᠨ ᠬᠤᠷᠢᠭᠯᠠᠨ᠎ᠠ᠄      ︵ᠨᠢᠭᠡ︶ ᠠᠭᠠᠷ ᠲᠤ ᠶᠡᠭᠡ ᠬᠡᠮᠵᠢᠶᠡᠨ ᠤ ᠤᠲᠤᠭ᠎ᠠ᠂ ᠲᠣᠭᠤᠰᠣ᠂ ᠳᠥᠯᠥ᠂ ᠬᠠᠶᠠᠭᠳᠠᠮᠠᠯ ᠬᠡᠢ ᠭᠠᠳᠠᠭᠰᠢᠯᠠᠭᠤᠯᠵᠤ ᠨᠢᠰᠦᠯᠲᠡ ᠶᠢᠨ ᠠᠶᠤᠯᠭᠦᠢ ᠶᠢ ᠨᠥᠯᠥᠭᠡᠯᠡᠵᠦ ᠮᠡᠳᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠲᠥᠬᠦᠭᠡᠷᠦᠮᠵᠢ ᠶᠢ ᠪᠠᠶᠢᠭᠤᠯᠬᠤ︔      ︵ᠬᠤᠶᠠᠷ︶ ᠫᠤᠤᠳᠠᠯᠭ᠎ᠠ ᠶᠢᠨ ᠲᠡᠯᠡᠪᠡᠢ᠂ ᠬᠦᠴᠦᠲᠡᠢ ᠳᠡᠯᠪᠡᠷᠡᠬᠦ ᠪᠣᠳᠠᠰ ᠤᠨ ᠬᠥᠮᠥᠷᠭᠡ ᠵᠡᠷᠭᠡ ᠨᠢᠰᠦᠯᠲᠡ ᠶᠢᠨ ᠠᠶᠤᠯᠭᠦᠢ ᠶᠢ ᠨᠥᠯᠥᠭᠡᠯᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠲᠥᠬᠦᠭᠡᠷᠦᠮᠵᠢ ᠶᠢ ᠪᠠᠶᠢᠭᠤᠯᠬᠤ      ︵ᠭᠤᠷᠪᠠ︶ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠱᠠᠭᠠᠷᠳᠠᠯᠭ᠎ᠠ ᠳᠤ ᠥᠯᠥ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠲᠥᠬᠦᠭᠡᠷᠦᠮᠵᠢ ᠶᠢ ᠪᠠᠶᠢᠭᠤᠯᠬᠤ︔      ︵ᠳᠦᠷᠪᠡ︶ ᠨᠢᠰᠬᠡᠯ ᠤᠨ ᠪᠠᠭᠤᠳᠠᠯ ᠤᠨ ᠬᠠᠷᠠᠭᠠᠨ ᠤ ᠠᠶᠠᠯᠠᠯ ᠳᠤ ᠲᠤᠰᠠᠯᠠᠬᠤ ᠲᠥᠬᠦᠭᠡᠷᠦᠮᠵᠢ ᠶᠢᠨ ᠬᠡᠷᠡᠭᠯᠡᠯᠲᠡ ᠪᠤᠶᠤ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠦᠭᠦᠷ ᠤᠨ ᠵᠢᠯᠣᠭᠤᠴᠢ ᠶᠢᠨ ᠬᠠᠷᠠᠭ᠎ᠠ ᠶᠢ ᠨᠥᠯᠥᠭᠡᠯᠡᠬᠦ ᠳ᠋ᠧᠩ ᠤᠨ ᠭᠡᠷᠡᠯ᠂ ᠯᠠᠶᠢᠰᠧᠷ᠂ ᠲᠡᠮᠳᠡᠭ᠂ ᠪᠣᠳᠠᠰ ᠪᠠᠶᠢᠷᠢᠯᠠᠭᠤᠯᠬᠤ︔      ︵ᠲᠠᠪᠤ︶ ᠨᠢᠰᠦᠯᠲᠡ ᠶᠢᠨ ᠠᠶᠤᠯᠭᠦᠢ ᠶᠢ ᠨᠥᠯᠥᠭᠡᠯᠡᠬᠦ ᠪᠤᠶᠤ ᠨᠢᠰᠬᠡᠯ ᠤᠨ ᠪᠠᠭᠤᠳᠠᠯ ᠤᠨ ᠠᠶᠠᠯᠠᠯ ᠳᠤ ᠲᠤᠰᠠᠯᠠᠬᠤ ᠲᠥᠬᠦᠭᠡᠷᠦᠮᠵᠢ ᠶᠢᠨ ᠬᠡᠷᠡᠭᠯᠡᠯᠲᠡ ᠶᠢ ᠨᠥᠯᠥᠭᠡᠯᠡᠬᠦ ᠤᠷᠭᠤᠮᠠᠯ ᠲᠠᠷᠢᠬᠤ︔      ︵ᠵᠢᠷᠭᠤᠭ᠎ᠠ︶ ᠨᠢᠰᠦᠯᠲᠡ ᠶᠢᠨ ᠠᠶᠤᠯᠭᠦᠢ ᠶᠢ ᠨᠥᠯᠥᠭᠡᠯᠡᠬᠦ ᠰᠢᠪᠠᠭᠤᠨ ᠤ ᠲᠤᠶᠢᠷᠦᠯ ᠤᠨ ᠠᠮᠢᠳᠡᠠ ᠵᠢᠴᠢ ᠵᠢᠯᠣᠭᠤᠴᠢ ᠤᠶᠢᠭᠡᠢ ᠴᠢᠯᠦᠭᠡᠲᠦ ᠬᠡᠶᠢᠲᠦ ᠪᠥᠮᠪᠦᠭᠡ᠂ ᠤᠶᠠᠭ᠎ᠠ ᠲᠠᠢ ᠬᠡᠶᠢᠲᠦ ᠪᠥᠮᠪᠦᠭᠡ ᠪᠠ ᠪᠤᠰᠤᠳ ᠶᠠᠭᠤᠮ᠎ᠠ ᠶᠢ ᠨᠢᠰᠬᠡᠬᠦ︔      ︵ᠲᠤᠯᠤᠭ᠎ᠠ︶ ᠨᠢᠰᠬᠡᠯ ᠤᠨ ᠪᠠᠭᠤᠳᠠᠯ ᠤᠨ ᠴᠠᠬᠢᠯᠭᠠᠨ ᠰᠣᠷᠢᠨᠵᠢᠨ ᠤ ᠣᠷᠴᠢᠨ ᠲᠣᠭᠤᠷᠢᠨ ᠢ ᠨᠥᠯᠥᠭᠡᠯᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠲᠥᠬᠦᠭᠡᠷᠦᠮᠵᠢ ᠶᠢ ᠪᠠᠶᠢᠭᠤᠯᠬᠤ︔      ︵ᠨᠠᠢᠮᠠ︶ ᠰᠢᠪᠠᠭᠤᠨ ᠤ ᠲᠥᠷᠥᠯ ᠪᠠ ᠪᠤᠰᠤᠳ ᠠᠮᠢᠳᠡᠠ ᠢ ᠠᠮᠠᠷᠬᠠᠨ ᠲᠠᠲᠠᠬᠤ ᠵᠠᠳᠠᠭᠠᠢ ᠬᠤᠭ ᠨᠣᠪᠰᠢ ᠶᠢᠨ ᠲᠡᠯᠡᠪᠡᠢ᠂ ᠨᠢᠲᠤᠯᠬᠤ ᠲᠡᠯᠡᠪᠡᠢ᠂ ᠲᠡᠵᠢᠭᠡᠨ ᠦᠷᠡᠵᠢᠭᠦᠯᠬᠦ ᠲᠡᠯᠡᠪᠡᠢ ᠵᠡᠷᠭᠡ ᠲᠠᠯᠠᠪᠤᠷ ᠭᠠᠷᠭᠠᠬᠤ︔      ︵ᠶᠢᠰᠦ︶ ᠶᠡᠭᠡ ᠬᠡᠮᠵᠢᠶᠡᠨ ᠤ ᠤᠲᠤᠭ᠎ᠠ ᠤᠨᠢᠶᠠᠷ ᠭᠠᠷᠭᠠᠳᠠᠭ ᠲᠠᠷᠢᠮᠠᠯ ᠤᠨ ᠡᠰᠢ ᠰᠦᠷᠡᠯ᠂ ᠬᠤᠭ ᠨᠣᠪᠰᠢ ᠵᠡᠷᠭᠡ ᠪᠣᠳᠠᠰ ᠢ ᠰᠢᠲᠠᠭᠠᠬᠤ᠂ ᠡᠰᠡᠬᠦᠯ᠎ᠡ ᠬᠤᠸᠠᠷ ᠫᠤᠤᠵᠢᠩ ᠲᠠᠯᠪᠢᠬᠤ︔      ︵ᠠᠷᠪᠠ︶ ᠨᠢᠰᠦᠯᠲᠡ ᠶᠢᠨ ᠠᠶᠤᠯᠭᠦᠢ ᠶᠢ ᠨᠥᠯᠥᠭᠡᠯᠡᠵᠦ ᠮᠡᠳᠡᠬᠦ ᠪᠤᠰᠤᠳ ᠪᠠᠶᠢᠳᠠᠯ ᠪᠤᠶᠤ ᠠᠵᠢᠯᠯᠠᠭ᠎ᠠ᠃      ᠭᠤᠷᠪᠠ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷᠠᠬᠢ ᠠᠭᠠᠷ ᠲᠠᠬᠢ ᠬᠥᠪᠥᠮᠡᠯ ᠪᠣᠳᠠᠰ ᠢ ᠰᠡᠷᠭᠡᠶᠢᠯᠡᠨ ᠵᠠᠰᠠᠬᠤ ᠳᠤ᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠠᠭᠠᠷ ᠲᠠᠬᠢ ᠬᠥᠪᠥᠮᠡᠯ ᠪᠣᠳᠠᠰ ᠢ ᠰᠡᠷᠭᠡᠶᠢᠯᠡᠨ ᠵᠠᠰᠠᠬᠤ ᠲᠤᠬᠠᠢ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠠᠷᠠᠳ ᠠᠭᠠᠷ  ᠲᠠᠷᠬᠠᠭᠠᠭᠰᠠᠨ ﹇2023﹈ 14 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠳᠥᠷᠪᠡ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷ᠎ᠠ ᠪᠦᠲᠦᠭᠡᠨ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ︵ᠴᠢᠮᠡᠭᠡ ᠨᠡᠪᠲᠡᠷᠡᠯᠭᠡ ᠶᠢᠨ ᠲᠡᠮᠦᠷ ᠰᠤᠪᠤᠷᠭ᠎ᠠ᠂ ᠵᠠᠷ ᠤᠨ ᠫᠠᠶᠢᠰᠠ ᠵᠡᠷᠭᠡ ᠪᠠᠷᠢᠯᠭ᠎ᠠ ᠶᠢᠨ ᠵᠦᠢᠯᠡᠰ ᠪᠠᠭᠲᠠᠨ᠎ᠠ ︶ ᠳᠤ᠂ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠡᠪᠡᠷ ᠠᠭᠠᠷ ᠤᠨ ᠬᠢᠨᠠᠨ ᠬᠠᠷᠭᠤᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠠᠭᠠᠷ ᠲᠠᠷᠬᠠᠭᠠᠭᠰᠠᠨ ﹇ 2023﹈ 1 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ ᠴᠡᠪᠡᠷ ᠠᠭᠠᠷ ᠤᠨ ᠬᠢᠨᠠᠨ ᠬᠠᠷᠭᠤᠭᠤᠯᠤᠯᠲᠠ ᠬᠢᠨ᠎ᠡ᠃      ᠲᠠᠪᠤ᠂ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠷᠭ᠎ᠠ︾ ︵ᠠᠷᠠᠳ ᠠᠭᠠᠷ ᠲᠣᠭᠲᠠᠭᠠᠯ ﹇2022﹈ 35 ᠳ᠋ᠤᠭᠠᠷ ᠲᠣᠭᠠᠲᠤ︶ ᠶᠢᠨ ᠶᠣᠰᠣᠭᠠᠷ᠂ ᠨᠢᠰᠬᠡᠯ ᠤᠨ ᠪᠠᠭᠤᠳᠠᠯ ᠤᠨ ᠣᠶᠢᠷ᠎ᠠ ᠬᠠᠪᠢ ᠶᠢᠨ ᠣᠷᠣᠨ ᠢ ᠳᠣᠲᠣᠭᠠᠳᠤ ᠲᠦᠪᠰᠢᠨ᠂ ᠰᠢᠯᠵᠢᠯᠲᠡ ᠶᠢᠨ ᠲᠦᠪᠰᠢᠨ᠂ ᠱᠤᠩᠭᠤᠯᠲᠠ ᠶᠢᠨ ᠲᠦᠪᠰᠢᠨ᠂ ᠨᠢᠰᠴᠦ ᠳᠡᠭᠦᠯᠢᠬᠦ ᠲᠦᠪᠰᠢᠨ ᠤ ᠬᠡᠪᠴᠢᠶ᠎ᠡ ᠪᠠᠷ ᠲᠣᠭᠲᠠᠭᠠᠵᠤ᠂ ᠨᠢᠰᠬᠡᠯ ᠤᠨ ᠪᠠᠭᠤᠳᠠᠯ ᠤᠨ ᠣᠶᠢᠷ᠎ᠠ ᠬᠠᠪᠢ ᠶᠢᠨ ᠣᠷᠣᠨ ᠳᠣᠲᠣᠷ᠎ᠠ ᠮᠠᠰᠢᠨ ᠮᠧᠬᠠᠨᠢᠭ ᠤᠨ ᠲᠥᠷᠥᠯ ᠤᠨ ᠲᠦᠷ ᠴᠠᠭ ᠤᠨ ᠪᠠᠷᠢᠯᠭ᠎ᠠ ᠶᠢᠨ ᠠᠵᠢᠯ ᠢ ᠡᠷᠬᠢᠯᠡᠬᠦ ᠳᠡᠭᠡᠨ᠂ ᠲᠦᠷ ᠴᠠᠭ ᠤᠨ ᠪᠠᠷᠢᠯᠭ᠎ᠠ ᠶᠢᠨ ᠮᠠᠰᠢᠨ ᠮᠧᠬᠠᠨᠢᠭ ᠢ ᠰᠢᠯᠵᠢᠯᠲᠡ ᠶᠢᠨ ᠲᠦᠪᠰᠢᠨ᠂ ᠨᠢᠰᠴᠦ ᠳᠡᠭᠦᠯᠢᠬᠦ ᠲᠦᠪᠰᠢᠨ ᠪᠠ ᠱᠤᠩᠭᠤᠯᠲᠠ ᠶᠢᠨ ᠲᠦᠪᠰᠢᠨ ᠠᠴᠠ ᠥᠨᠳᠥᠷ ᠭᠠᠷᠭᠠᠵᠤ ᠪᠣᠯᠬᠤ ᠦᠭᠡᠢ᠂ ᠳᠣᠲᠣᠭᠠᠳᠤ ᠲᠥᠪᠰᠢᠨ ᠤ ᠣᠷᠣᠨ ᠪᠦᠰᠡ ᠶᠢᠨ ᠳᠣᠲᠣᠷ᠎ᠠ᠂ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ ᠪᠠᠶᠢᠷᠢᠯᠠᠭᠤᠯᠬᠤ ᠪᠠᠷ ᠲᠥᠯᠥᠪᠯᠡᠵᠦ ᠪᠠᠶᠢᠭ᠎ᠠ ᠦᠶ᠎ᠡ ᠳᠤ᠂ ᠪᠦᠲᠦᠭᠡᠨ ᠪᠠᠶᠢᠭᠤᠯᠬᠤ ᠨᠢᠭᠡᠴᠢ ᠨᠢ ᠠᠷᠠᠳ ᠤᠨ ᠠᠭᠠᠷ ᠤᠨ ᠲᠡᠭᠡᠭᠡᠪᠦᠷᠢ ᠶᠢᠨ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠦᠬᠦᠢ ᠠᠶᠤᠯᠭᠦᠢ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠠᠶᠤᠯᠭᠦᠢ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠦᠴᠦᠨ ᠲᠠᠢ ᠪᠣᠯᠬᠤ ᠠᠴᠠ ᠡᠮᠦᠨ᠎ᠡ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠳᠤ ᠮᠡᠳᠡᠭᠳᠡᠬᠦ ᠶᠢᠨ ᠬᠠᠮᠲᠤ ᠠᠭᠠᠷ ᠤᠨ ᠲᠡᠭᠡᠭᠡᠪᠦᠷᠢ ᠶᠢᠨ ᠴᠢᠮᠡᠭᠡ ᠮᠡᠳᠡᠭᠡᠨ ᠤ ᠦᠢᠯᠡᠴᠢᠯᠡᠭᠡᠨ ᠤ ᠪᠠᠶᠢᠭᠤᠯᠤᠮᠵᠢ ᠳᠤ ᠠᠭᠠᠷ ᠤᠨ ᠲᠡᠭᠡᠭᠡᠪᠦᠷᠢ ᠶᠢᠨ ᠴᠢᠮᠡᠭᠡ ᠮᠡᠳᠡᠭᠡᠨ ᠤ ᠤᠭ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠪᠠᠷᠢᠯᠭ᠎ᠠ ᠳᠠᠭᠤᠰᠤᠭᠰᠠᠨ ᠤ ᠲᠠᠷᠠᠭ᠎ᠠ ᠴᠠᠭ ᠲᠤᠬᠠᠢ ᠳᠤᠨᠢ ᠨᠤᠷᠠᠭᠠᠬᠤ ᠶᠢᠨ ᠬᠠᠮᠲᠤ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠳᠤ ᠮᠡᠳᠡᠭᠳᠡᠬᠦ ᠬᠡᠷᠡᠭᠲᠡᠢ᠃      ᠬᠡᠷᠪᠡ ᠨᠢᠰᠦᠯᠲᠡ ᠶᠢᠨ ᠵᠢᠷᠤᠮ ᠪᠤᠶᠤ ᠠᠵᠢᠯᠯᠠᠭᠠᠨ ᠤ ᠨᠠᠭᠠᠲᠤ ᠵᠠᠬ᠎ᠠ ᠶᠢᠨ ᠪᠠᠷᠢᠮᠵᠢᠶ᠎ᠠ ᠳᠤ ᠨᠥᠯᠥᠭᠡ ᠲᠠᠢ ᠪᠠᠶᠢᠪᠠᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠠᠷ ᠵᠥᠪᠰᠢᠶᠡᠷᠡᠭᠦᠯᠦᠭᠡᠳ ᠲᠦᠷ ᠴᠠᠭ ᠲᠣᠬᠢᠷᠠᠭᠤᠯᠤᠯᠲᠠ ᠬᠢᠬᠦ ᠬᠡᠷᠡᠭᠲᠡᠢ᠃      ᠪᠠᠷᠢᠯᠭ᠎ᠠ ᠶᠢᠨ ᠴᠠᠭ ᠨᠢ ᠨᠡᠯᠢᠶᠡᠳ ᠣᠬᠤᠷᠬᠠᠨ ᠪᠠᠶᠢᠳᠠᠯ ᠳᠣᠣᠷ᠎ᠠ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠲᠠᠢ ᠵᠣᠬᠢᠴᠠᠭᠤᠯᠤᠨ ᠨᠢᠰᠬᠡᠯ ᠤᠨ ᠡᠭᠡᠯᠵᠢ ᠶᠢᠨ ᠵᠠᠪᠰᠠᠷ ᠪᠤᠶᠤ ᠠᠶᠠᠯᠠᠯ ᠤᠨ ᠲᠠᠷᠠᠭ᠎ᠠ ᠪᠠᠷᠢᠯᠭ᠎ᠠ ᠪᠠᠷᠢᠬᠤ ᠵᠡᠷᠭᠡ ᠠᠷᠭ᠎ᠠ ᠬᠡᠮᠵᠢᠶ᠎ᠡ ᠠᠪᠴᠤ᠂ ᠨᠢᠰᠬᠡᠯ ᠤᠨ ᠪᠠᠭᠤᠳᠠᠯ ᠤᠨ ᠠᠵᠢᠯᠯᠠᠭᠠᠨ ᠪᠣᠯᠣᠨ ᠨᠢᠰᠦᠯᠲᠡ ᠶᠢᠨ ᠠᠶᠤᠯᠭᠦᠢ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃      ᠵᠢᠷᠭᠤᠭ᠎ᠠ᠂ ᠨᠢᠰᠬᠡᠯ ᠤᠨ ᠪᠠᠭᠤᠳᠠᠯ ᠤᠨ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠰᠠᠭᠠᠳ ᠪᠣᠳᠠᠰ ︽ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠣᠷᠣᠨ ᠤ ᠮᠡᠷᠭᠡᠵᠢᠯ ᠤᠨ ᠪᠠᠷᠢᠮᠵᠢᠶ᠎ᠠ︾ ︵MH5001-2021︶ ᠶᠢᠨ ᠲᠣᠭᠲᠠᠭᠠᠯ ᠶᠣᠰᠣᠭᠠᠷ ᠰᠠᠭᠠᠳ ᠤᠨ ᠳ᠋ᠧᠩ ᠪᠣᠯᠣᠨ ᠲᠡᠮᠳᠡᠭ ᠪᠠᠶᠢᠷᠢᠯᠠᠭᠤᠯᠬᠤ ᠬᠡᠷᠡᠭᠲᠡᠢ᠃      ᠳᠣᠯᠤᠭ᠎ᠠ᠂ ᠰᠣᠨᠢᠨ ᠮᠡᠳᠡᠭᠡᠨ ᠤ ᠵᠠᠭᠤᠴᠢᠯᠠᠭᠤᠷ ᠤᠳ ᠴᠡᠪᠡᠷ ᠠᠭᠠᠷ ᠤᠨ ᠠᠶᠤᠯᠭᠦᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠵᠡᠷᠭᠡ ᠠᠭᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ᠨᠠᠢᠮᠠ᠂ ᠴᠡᠪᠡᠷ ᠠᠭᠠᠷ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠨ ᠠᠭᠠᠷ ᠲᠤ ᠶᠠᠭᠤᠮ᠎ᠠ ᠳᠡᠭᠳᠡᠭᠡᠭᠰᠡᠨ᠂ ᠲᠣᠭᠲᠠᠭᠠᠯ ᠢ ᠵᠥᠷᠢᠴᠡᠭᠰᠡᠨ ᠬᠡᠲᠦ ᠥᠨᠳᠥᠷ ᠪᠠᠷᠢᠯᠭ᠎ᠠ ︵ᠪᠠᠷᠢᠮᠠᠯ︶ ᠪᠠᠶᠢᠭᠤᠯᠤᠭᠰᠠᠨ ᠨᠢᠭᠡᠴᠢ ᠵᠢᠴᠢ ᠬᠤᠪᠢ ᠬᠥᠮᠥᠨ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠤᠯᠢ ᠶᠣᠰᠣᠭᠠᠷ ᠰᠢᠢᠳᠬᠡᠨ᠎ᠡ᠃      ᠶᠢᠰᠦ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                               ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ                               2023 ᠣᠨ ᠤ 7 ᠳ᠋ᠤᠭᠠᠷ ᠰᠠᠷ᠎ᠠ ᠶᠢᠨ 20 ᠤ ᠡᠳᠦᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1