9 ᠳ᠋ᠦ᠋ᠭᠡᠷ ᠰᠠᠷ᠎ᠠ ᠳᠤ ᠮᠠᠨ ᠤ ᠬᠤᠲᠠ ᠶᠢᠨ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠬᠦᠷᠪᠡ
ᠨᠡᠶᠢᠲᠡᠯᠡᠭᠰᠡᠨ ᠴᠠᠭ᠄
2023/10/17
      ︵ᠰᠤᠷᠪᠤᠯᠵᠢᠯᠠᠭᠴᠢ ᠯᠢᠦ ᠱᠠ ᠱᠠ︶ ᠣᠶᠢᠷ᠎ᠠ ᠳᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 9 ᠳ᠋ᠦ᠋ᠭᠡᠷ ᠰᠠᠷ᠎ᠠ ᠳᠤ ᠮᠠᠨ ᠤ ᠬᠤᠲᠠ ᠶᠢᠨ ᠭᠠᠵᠠᠷ ᠤᠨ ᠭᠠᠳᠠᠷᠭᠤ ᠶᠢᠨ ᠤᠰᠤ ᠤᠯᠤᠰ ᠤᠨ ᠣᠭᠲᠣᠯᠣᠭᠠᠰᠤ ᠶᠢᠨ ᠤᠰᠤᠨ ᠤ ᠴᠢᠨᠠᠷ ᠤᠨ ᠬᠢᠨᠠᠨ ᠰᠢᠯᠭᠠᠯᠲᠠ ᠳᠤ ᠶᠡᠷᠦᠩᠬᠡᠢ ᠳᠡᠭᠡᠨ ᠰᠠᠶᠢᠵᠢᠷᠠᠵᠤ᠂ ᠪᠠᠷᠢᠮᠵᠢᠶ᠎ᠠ ᠳᠤ ᠬᠦᠷᠦᠭᠰᠡᠨ ᠨᠣᠷᠮ᠎ᠠ 100% ᠬᠦᠷᠴᠡᠢ᠃      ᠤᠯᠤᠰ ᠤᠨ ᠮᠠᠯᠲᠠᠬᠤ ᠪᠠ ᠬᠡᠮᠵᠢᠬᠦ ᠶᠢ ᠰᠠᠯᠭᠠᠭᠰᠠᠨ ᠬᠢᠨᠠᠨ ᠬᠡᠮᠵᠢᠯᠲᠡ ᠶᠢᠨ ᠦᠷ᠎ᠡ ᠳ᠋ᠦᠩ ᠢ ᠦᠨᠳᠦᠰᠦᠯᠡᠪᠡᠯ ᠂ ᠬᠠᠲᠤᠨ ᠭᠤᠣᠯ ᠤᠨ ᠯᠠᠮᠠ ᠶᠢᠨ ᠲᠣᠬᠤᠢ᠂ ᠸᠠᠨ ᠵᠢᠶᠠ ᠵᠠᠢ ᠤᠰᠤᠨ ᠴᠥᠭᠦᠷᠥᠮ ᠤᠨ ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ Ⅱ ᠲᠥᠷᠥᠯ ᠪᠠᠶᠢᠵᠤ᠂ ᠤᠯᠠᠭᠠᠨᠮᠥ᠋ᠷᠡᠨ ᠤ ᠬᠠᠲᠤᠨ ᠭᠤᠣᠯ ᠳᠤ ᠴᠢᠳᠬᠤᠬᠤ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠨᠢ Ⅲ ᠲᠥᠷᠥᠯ ᠪᠠᠶᠢᠵᠤ᠂ ᠶᠡᠭᠡ ᠲᠦᠷᠭᠡᠨ ᠭᠤᠣᠯ ᠤᠨ ᠬᠠᠲᠤᠨ ᠭᠤᠣᠯ ᠳᠤ ᠴᠢᠳᠬᠤᠬᠤ ᠭᠠᠵᠠᠷ᠂ ᠪᠠᠭ᠎ᠠ ᠲᠦᠷᠭᠡᠨ ᠭᠤᠣᠯ ᠤᠨ ᠭᠤᠷᠪᠠᠳᠤᠭᠠᠷ ᠬᠠᠭᠠᠯᠲᠠ ᠶᠢᠨ ᠡᠮᠦᠨᠡᠬᠢ ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ Ⅳ ᠲᠥᠷᠥᠯ ᠪᠠᠶᠢᠵᠤ᠂ ᠪᠦᠬᠦᠨ ᠢᠶᠠᠷ ᠢᠶᠠᠨ ᠬᠢᠨᠠᠨ ᠰᠢᠯᠭᠠᠬᠤ ᠬᠠᠷᠠᠯᠲᠠ ᠶᠢᠨ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ ᠡᠭᠦᠨ ᠳᠤ 6 ︱ 8 ᠳ᠋ᠤᠭᠠᠷ ᠰᠠᠷ᠎ᠠ ᠳᠤ ᠪᠠᠷᠢᠮᠵᠢᠶ᠎ᠠ  ᠠᠴᠠ ᠬᠡᠲᠦᠷᠡᠭᠰᠡᠨ ᠶᠡᠭᠡ ᠲᠦᠷᠭᠡᠨ ᠭᠤᠣᠯ ᠤᠨ ᠬᠠᠲᠤᠨ ᠭᠤᠣᠯ ᠳᠤ ᠴᠢᠳᠬᠤᠬᠤ᠂ ᠪᠠᠭ᠎ᠠ ᠲᠦᠷᠭᠡᠨ ᠭᠤᠣᠯ ᠤᠨ ᠭᠤᠷᠪᠠᠳᠤᠭᠠᠷ ᠬᠠᠭᠠᠯᠲᠠ ᠶᠢᠨ ᠡᠮᠦᠨᠡᠬᠢ ᠣᠭᠲᠣᠯᠣᠭᠠᠰᠤ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠢᠯᠠᠩᠭᠤᠶ᠎ᠠ ᠪᠠᠭ᠎ᠠ ᠲᠦᠷᠭᠡᠨ ᠭᠤᠣᠯ ᠤᠨ ᠭᠤᠷᠪᠠᠳᠤᠭᠠᠷ ᠬᠠᠭᠠᠯᠲᠠ ᠶᠢᠨ ᠡᠮᠦᠨᠡᠬᠢ ᠣᠭᠲᠣᠯᠣᠭᠠᠰᠤ ᠶᠢᠨ ᠤᠰᠤᠨ ᠤ ᠴᠢᠨᠠᠷ ᠨᠢ 7 ᠳ᠋ᠤᠭᠠᠷ ᠰᠠᠷ᠎ᠠ᠂ 8 ᠳ᠋ᠤᠭᠠᠷ ᠰᠠᠷ᠎ᠠ ᠶᠢᠨ ᠬᠢ ᠠᠴᠠ ᠬᠤᠶᠠᠷ ᠲᠥᠷᠥᠯ ᠳᠡᠭᠡᠭᠰᠢᠯᠡᠵᠦ᠂ ᠤᠰᠤᠨ ᠤ ᠴᠢᠨᠠᠷ ᠨᠢ ᠢᠯᠡᠳᠲᠡ ᠰᠠᠶᠢᠵᠢᠷᠠᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1