ᠪᠣᠣ ᠭᠠᠩ ᠶᠠᠷᠢᠶ᠎ᠠ ᠲᠠᠯᠪᠢᠵᠤ ᠾᠧ ᠬᠠᠢ ᠳ᠋ᠦᠩ ᠯᠢ ᠵᠢᠶᠦ᠋ᠩ ᠵᠠᠩ ᠬᠠᠢ ᠹᠧᠩ ᠣᠷᠣᠯᠴᠠᠪᠠ | 10 ᠳ᠋ᠤᠭᠠᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ | ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ | ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠲᠡᠰ ᠤᠨ ᠤᠳᠤᠷᠢᠳᠤᠯᠭ᠎ᠠ ᠪᠣᠯᠣᠨ ᠬᠤᠰᠢᠭᠤ ᠰᠢᠶᠠᠨ | ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢ ᠵᠣᠬᠢᠶᠠᠨ ᠪᠠᠶᠢᠭᠤᠯᠤᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠠᠩᠬᠠᠳᠤᠭᠠᠷ ᠤᠳᠠᠭ᠎ᠠ ᠶᠢᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠰᠣᠯᠢᠯᠴᠠᠬᠤ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃ | ᠨᠣᠮ ᠤᠩᠰᠢᠬᠤ ᠠᠩᠭᠢ ᠨᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠨᠣᠮ | ᠤᠩᠰᠢᠬᠤ᠂ ᠦᠷ᠎ᠡ ᠪᠦᠲᠦᠭᠡᠯ ᠢᠶᠠᠨ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠡᠨᠡ | ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ | ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠤᠰᠬᠠᠢ ᠰᠡᠳᠦᠪᠲᠦ | ᠬᠠᠪᠰᠤᠷᠤᠨ ᠵᠢᠯᠣᠭᠤᠳᠤᠯᠭ᠎ᠠ ᠬᠢᠪᠡ᠃ ᠯᠢᠦ ᠵᠢᠢ ᠶᠢᠩ᠂ ᠵᠠᠩ ᠵᠢᠢ ᠹᠧᠢ᠂ ᠯᠢ ᠰᠢᠶᠣᠣ ᠶᠠᠨ᠂ ᠵᠦ ᠵᠢᠶᠠᠨ ᠭᠦᠸᠧ᠂ | ᠶᠦᠨ ᠰᠢᠨ ᠮᠢᠩ᠂ ᠯᠢ ᠸᠧᠨ ᠭᠧ᠂ ᠲᠠᠯ᠎ᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠪᠠ᠃ | | ᠪᠣᠣ ᠭᠠᠩ ᠤᠯᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠤᠲᠠᠯᠠᠪᠠ᠃ ᠲᠡᠷᠡ | ᠬᠡᠯᠡᠬᠦ ᠳᠡᠭᠡᠨ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠦᠨᠳᠦᠰᠦᠨ ᠱᠠᠲᠤ ᠪᠣᠯᠣᠨ ᠤᠯᠠᠨ | ᠲᠦᠮᠡᠨ ᠳᠤ ᠰᠢᠭᠤᠳ ᠬᠠᠨᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ | ᠂ ᠠᠰᠠᠭᠤᠳᠠᠯ ᠢ ᠰᠢᠢᠳᠪᠦᠷᠢᠯᠡᠬᠦ ᠪᠠᠷ ᠵᠠᠩᠭᠢᠯᠠᠭ᠎ᠠ ᠶᠢᠨ ᠤᠳᠤᠷᠢᠳᠤᠮᠵᠢ ᠪᠣᠯᠭᠠᠵᠤ᠂ ᠬᠥᠭᠵᠢᠯᠲᠡ ᠶᠢ ᠠᠬᠢᠭᠤᠯᠬᠤ ᠪᠠᠷ | ᠬᠠᠷᠠᠯᠲᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠳᠤ᠂ ︽ᠰᠡᠭᠦᠯᠴᠢ ᠶᠢᠨ ᠬᠠᠭᠠᠰ ᠠᠵᠢᠯ︾ ᠢ ᠬᠤᠪᠢᠷᠠᠭᠤᠯᠤᠨ | ᠬᠡᠷᠡᠭᠯᠡᠬᠦ ᠶᠢ ᠦᠨᠡᠨᠬᠦ ᠰᠠᠶᠢᠲᠤᠷ ᠠᠳᠬᠤᠵᠤ᠂ ︽ᠬᠢᠭᠰᠡᠨ ᠪᠠᠶᠢᠴᠠᠭᠠᠨ ᠰᠤᠳᠤᠯᠤᠯᠲᠠ ᠪᠠᠨ ᠥᠪᠡᠷ ᠢᠶᠠᠨ | ᠠᠬᠢᠭᠤᠯᠬᠤ︾ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠪᠠᠨ ᠲᠠᠯᠪᠢᠵᠤ᠂ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠨᠢᠭᠡᠪᠦᠷᠢ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠬᠡᠷᠡᠭᠲᠡᠢ ᠭᠡᠵᠡᠢ᠃ | ᠪᠣᠣ ᠭᠠᠩ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠤᠭᠰᠠᠨ ᠰᠤᠷᠤᠯᠴᠠᠭᠰᠠᠨ ᠲᠥᠷᠥᠭᠳᠡᠯ ᠢᠶᠠᠨ | ᠬᠤᠪᠢᠶᠠᠯᠴᠠᠪᠠ᠃ ᠲᠡᠷᠡ ᠬᠡᠯᠡᠬᠦ ᠳᠡᠭᠡᠨ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠪᠣᠯ ᠳᠠᠷᠤᠢ ᠠᠵᠢᠯ | ᠶᠠᠪᠤᠳᠠᠯ ᠬᠢᠬᠦ ᠳᠤ ᠬᠠᠶᠢᠷ᠎ᠠ ᠰᠡᠳᠬᠢᠯᠭᠡ ᠡᠪᠦᠷᠯᠡᠵᠦ᠂ ︽ᠬᠠᠳᠠ ᠴᠢᠯᠠᠭᠤ ᠮᠡᠲᠦ ᠪᠠᠲᠤ ᠪᠠᠬᠢ︾ ᠤᠯᠤᠰ | ᠲᠦᠷᠦ ᠶᠢᠨ ᠬᠠᠶᠢᠷ᠎ᠠ ᠰᠡᠳᠬᠢᠯᠭᠡ ᠲᠠᠢ ᠪᠠᠶᠢᠵᠤ᠂ ᠶᠡᠭᠡ ᠲᠠᠯ᠎ᠠ᠂ ᠶᠡᠭᠡ ᠬᠠᠨᠳᠤᠰᠢ ᠪᠣᠯᠣᠨ ᠶᠡᠭᠡ ᠶᠠᠪᠤᠳᠠᠯ ᠢ | ᠪᠣᠳᠣᠯᠬᠢᠯᠠᠬᠤ ᠶᠢ ᠰᠤᠷᠴᠤ᠂ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠴᠠᠭ ᠢᠮᠠᠭᠲᠠ ᠨᠠᠮ ᠤᠨ ᠲᠥᠪ | ᠬᠤᠷᠢᠶ᠎ᠠ ᠲᠠᠢ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠡᠷᠡᠰ ᠴᠢᠩᠭ᠎ᠠ | ᠰᠠᠶᠢᠲᠤᠷ ᠠᠳᠬᠤᠬᠤ ᠬᠡᠷᠡᠭᠲᠡᠢ︔ ︽ᠨᠠᠳᠠ ᠠᠴᠠ ᠥᠭᠡᠷ᠎ᠡ ᠬᠡᠨ ᠪᠠᠶᠢᠬᠤ ᠪᠤᠢ︾ ᠭᠡᠬᠦ ᠠᠵᠢᠯ ᠦᠢᠯᠡᠰ ᠤᠨ | ᠬᠠᠶᠢᠷ᠎ᠠ ᠰᠡᠳᠬᠢᠯᠭᠡ ᠲᠠᠢ ᠪᠠᠶᠢᠵᠤ᠂ ᠬᠤᠳᠠ ᠳᠤ᠂ ᠲᠡᠦᠬᠡ ᠳᠤ᠂ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠭᠠᠵᠠᠷ ᠣᠷᠣᠨ ᠤ ᠬᠥᠭᠵᠢᠯᠲᠡ ᠶᠢ ᠲᠥᠰᠥᠪᠯᠡᠨ ᠠᠬᠢᠭᠤᠯᠬᠤ ᠬᠡᠷᠡᠭᠲᠡᠢ︔ ︽ | ᠥᠪᠡᠷ ᠢ ᠪᠠᠨ ᠤᠮᠠᠷᠲᠠᠬᠤ︾ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠲᠠᠢ ᠪᠠᠶᠢᠵᠤ᠂ ᠬᠤᠲᠠ ᠶᠢᠨ | ᠡᠮᠦᠨ᠎ᠡ ᠠᠴᠠ ᠪᠣᠳᠤᠯᠬᠢᠯᠠᠵᠤ ᠬᠤᠳᠠ ᠶᠢᠨ ᠢᠷᠡᠭᠡᠳᠦᠢ ᠶᠢᠨ ᠠᠵᠤ ᠦᠢᠯᠡᠰ ᠤᠨ ᠰᠠᠭᠤᠷᠢ᠂ ᠰᠣᠶᠣᠯ ᠤᠨ | ᠠᠭᠤᠯᠤᠭᠳᠠᠬᠤᠨ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠴᠢᠳᠠᠪᠤᠷᠢ᠂ ᠠᠮᠢ ᠠᠬᠤᠢ ᠶᠢᠨ ᠠᠰᠢᠭ᠂ | ᠭᠠᠳᠠᠭᠠᠳᠤ ᠨᠡᠭᠡᠭᠡᠯᠲᠡ ᠶᠢᠨ ᠬᠡᠮᠵᠢᠶ᠎ᠡ ᠪᠣᠯᠣᠨ ᠨᠥᠯᠥᠭᠡᠯᠡᠬᠦ ᠬᠦᠴᠦᠨ ᠢ ᠲᠥᠯᠥᠪᠵᠢᠭᠦᠯᠵᠦ᠂ ᠤᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠵᠦᠢᠯ᠂ ᠠᠵᠤ ᠠᠮᠢᠳᠤᠷᠠᠯ ᠠᠮᠤᠷ ᠮᠡᠨᠳᠦ ᠶᠢ ᠠᠵᠢᠯ ᠢᠶᠠᠨ | ᠠᠬᠢᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠡᠳᠬᠢᠯ ᠲᠠᠯᠪᠢᠨ ᠬᠦᠴᠦ ᠲᠠᠯᠪᠢᠨ ᠬᠤᠳᠠ ᠶᠢᠨ | ᠰᠠᠭᠤᠷᠢ ᠶᠢ ᠪᠠᠲᠤᠳᠬᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ᠃ ᠠᠵᠢᠯ ᠶᠠᠪᠤᠳᠠᠯ ᠬᠢᠬᠦ ᠳᠤ | ᠳᠦᠷᠢᠮ ᠲᠣᠭᠲᠠᠭᠠᠯ ᠢ ᠡᠷᠬᠢᠮᠯᠡᠵᠦ᠂ ᠠᠷᠭ᠎ᠠ ᠤᠬᠠᠭᠠᠨ ᠰᠦᠪᠡᠭᠴᠢᠯᠡᠬᠦ ᠶᠢ ᠰᠤᠷᠴᠤ᠂ ᠭᠤᠣᠯ ᠳᠡᠳ᠋ ᠢ ᠲᠣᠳᠣᠷᠬᠠᠢ | ᠢᠯᠭᠠᠵᠤ᠂ ᠵᠢᠮ᠎ᠡ ᠶᠣᠰᠣ ᠶᠢ ᠡᠵᠡᠮᠳᠡᠵᠦ᠂ ᠠᠶᠢᠵᠠᠮ ᠢ ᠡᠵᠡᠮᠳᠡᠵᠦ᠂ ᠪᠦᠬᠦ ᠲᠠᠯ᠎ᠠ ᠶᠢ ᠲᠦᠯᠦᠪᠵᠢᠬᠦᠯᠦᠨ᠂ | ᠭᠦᠨᠵᠡᠭᠡᠢ ᠲᠦᠯᠦᠪᠵᠢᠭᠦᠯᠦᠨ᠂ ᠨᠠᠷᠢᠨ ᠲᠦᠯᠦᠪᠵᠢᠭᠦᠯᠦᠨ᠂ ᠬᠤᠯᠠ ᠶᠢ ᠲᠦᠯᠦᠪᠵᠢᠬᠦᠯᠬᠦ ᠳᠤ ᠭᠦᠢᠴᠡᠳ ᠬᠦᠴᠦ | ᠣᠷᠣᠭᠤᠯᠬᠤ ᠬᠡᠷᠡᠭᠲᠡᠢ᠃ ᠠᠵᠢᠯ ᠶᠠᠪᠤᠳᠠᠯ ᠬᠢᠬᠦ ᠳᠡᠭᠡᠨ ᠴᠢᠷᠮᠠᠶᠢᠯᠭ᠎ᠠ ᠭᠠᠷᠭᠠᠨ᠂ ᠬᠦᠴᠢᠷ ᠠᠴᠠ ᠠᠶᠤᠬᠤ ᠦᠭᠡᠢ᠂ | ᠬᠦᠴᠢᠷ ᠢ ᠳᠠᠭᠠᠭᠠᠵᠤ᠂ ᠬᠦᠴᠢᠷ ᠢ ᠵᠣᠷᠢᠭᠲᠠᠢ ᠳᠠᠭᠠᠭᠠᠵᠤ ᠂ ᠰᠠᠨᠠᠭᠠᠴᠢᠯᠠᠭ᠎ᠠ ᠠᠴᠠ ᠪᠠᠨ ︽ᠬᠦᠴᠢᠷ ᠢ ᠠᠮᠰᠠᠵᠤ︾ | ᠂ ᠵᠣᠪᠠᠭᠤᠷᠢ ᠵᠦᠳᠡᠭᠦᠷᠢ ᠪᠠᠷ ᠵᠢᠷᠭᠠᠯ ᠢᠶᠠᠨ ᠪᠣᠯᠭᠠᠨ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ | ᠂ ᠪᠠᠴᠢᠮ ᠬᠦᠴᠢᠷ ᠠᠶᠤᠯᠲᠠᠢ ᠬᠦᠨᠳᠦ ᠠᠵᠢᠯ ᠤᠨ ᠡᠮᠦᠨ᠎ᠡ ᠹᠷᠣᠨᠲ ᠳᠤ ᠶᠡᠭᠡ ᠪᠠᠷ ᠬᠦᠴᠦ ᠣᠷᠣᠭᠤᠯᠬᠤ ᠬᠡᠷᠡᠭᠲᠡᠢ᠃ | ᠠᠵᠢᠯ ᠶᠠᠪᠤᠳᠠᠯ ᠬᠢᠬᠦ ᠳᠡᠭᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠣᠨᠤᠪᠴᠢᠲᠠᠢ ᠲᠤᠭᠲᠠᠭᠰᠠᠨ ᠠᠵᠢᠯ᠂ | ᠠᠷᠠᠳ ᠤᠯᠠᠨ ᠳᠤ ᠠᠰᠢᠭᠲᠠᠢ ᠠᠵᠢᠯ ᠢ ᠵᠣᠷᠢᠭᠲᠠᠢ ᠬᠢᠵᠦ᠂ ᠬᠡᠯᠡᠪᠡᠯ ᠲᠠᠷᠤᠢ ᠬᠢᠵᠦ᠂ ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠶᠢᠴᠢᠯᠠᠵᠤ᠂ ᠤᠳᠤᠷᠢᠳᠤᠮᠵᠢ ᠶᠢ ᠪᠦᠷᠢᠯᠳᠦᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠦᠨᠡᠨᠬᠦ ᠠᠵᠢᠯ | ᠶᠠᠪᠤᠳᠠᠯ ᠬᠢᠵᠦ ᠦᠢᠯᠡᠰ ᠪᠣᠰᠬᠠᠬᠤ ᠶᠢᠨ ᠢᠯᠡ ᠲᠣᠳᠣ ᠰᠠᠭᠤᠷᠢ ᠥᠩᠭᠡ ᠪᠣᠯᠭᠠᠬᠤ ᠬᠡᠷᠡᠭᠲᠡᠢ᠃ ᠠᠵᠢᠯ ᠬᠢᠬᠦ ᠳᠤ | ᠦᠷ᠎ᠡ ᠳ᠋ᠦᠩ ᠢ ᠴᠢᠬᠤᠯᠠᠴᠢᠯᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾᠂ ᠪᠢᠲᠡᠭᠦᠦ ᠴᠠᠭᠠᠷᠢᠭ ᠤᠨ | ᠰᠡᠳᠬᠢᠬᠦᠢ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠷ ᠦᠨᠡᠯᠡᠯᠲᠡ ᠶᠢᠨ ᠪᠠᠷᠢᠮᠵᠢᠶ᠎ᠠ ᠪᠣᠯᠭᠠᠵᠤ᠂ | ᠦᠨᠡᠨ ᠪᠣᠳᠠᠲᠠᠢ ᠦᠷ᠎ᠡ ᠪᠦᠲᠦᠭᠡᠯ ᠢᠶᠠᠷ ᠰᠢᠯᠭᠠᠯᠲᠠ ᠶᠢᠨ ᠬᠠᠭᠤᠳᠠᠰᠤ ᠲᠤᠰᠢᠶᠠᠵᠤ᠂ ︽ᠤᠴᠢᠷ ᠪᠦᠬᠦᠨ ᠬᠡᠯᠡᠬᠦ | ᠦᠭᠡ ᠲᠠᠢ᠂ ᠤᠴᠢᠷ ᠪᠦᠬᠦᠨ ᠬᠠᠷᠢᠭᠤᠯᠲᠠ ᠲᠠᠢ᠂ ᠤᠴᠢᠷ ᠪᠦᠬᠦᠨ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ | ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃ ︵ᠯᠢ ᠬᠠᠢ ᠵᠧᠨ︶ |