ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 10 ᠳ᠋ᠤᠭᠠᠷ ᠰᠠᠷ᠎ᠠ ᠶᠢᠨ 23 ᠤ ᠡᠳᠦᠷ᠂ ᠪᠦᠬᠦ ᠬᠤᠳᠠ ᠶᠢᠨ | ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠵᠢᠴᠢ ᠲᠦᠷᠦᠭᠦᠦ ᠭᠤᠷᠪᠠᠨ ᠤᠯᠠᠷᠢᠯ ᠤᠨ ᠠᠵᠤ | ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠲᠦᠷᠦᠭᠦᠦ ᠭᠤᠷᠪᠠᠨ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠥᠷᠪᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠢᠰᠲ᠋ᠧᠮ ᠲᠠᠢ ᠲᠥᠯᠥᠪᠵᠢᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ | ᠡᠷᠬᠢᠯᠡᠵᠦ ᠶᠡᠷᠦᠩᠬᠡᠢ ᠦᠨᠡᠯᠡᠯᠲᠡ ᠬᠢᠪᠡ᠃ | ᠬᠤᠷᠠᠯ ᠠᠴᠠ ᠪᠥᠬᠦ ᠬᠤᠲᠠ ᠶᠢᠨ ᠲᠦᠷᠦᠭᠦᠸ ᠭᠤᠷᠪᠠᠨ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ | ᠪᠠᠶᠢᠳᠠᠯ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠵᠠᠳᠠᠯᠪᠠ︔ ᠪᠥᠬᠦ ᠬᠤᠲᠠ ᠶᠢᠨ | ᠲᠦᠷᠦᠭᠦᠸ ᠭᠤᠷᠪᠠᠨ ᠤᠯᠠᠷᠢᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ | ᠠᠵᠢᠯ ᠢ ᠪᠡᠶᠡᠯᠡᠭᠦᠯᠦᠭᠰᠡᠨ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠯᠠᠭᠠᠨ᠂ | ᠭᠤᠷᠪᠠᠳᠤᠭᠠᠷ ᠠᠵᠤ ᠦᠢᠯᠡᠰ ᠤᠨ ᠠᠵᠢᠯᠯᠠᠭᠠᠨ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ | ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ︔ ︽ᠲᠠᠪᠤᠳᠤᠭᠠᠷ ᠤᠳᠠᠭ᠎ᠠ ᠶᠢᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ︾ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠾᠧ ᠬᠠᠢ ᠳ᠋ᠦᠩ᠂ ᠲᠦᠷᠦᠭᠦᠦ ᠭᠤᠷᠪᠠᠨ ᠤᠯᠠᠷᠢᠯ ᠳᠤ ᠪᠦᠬᠦ ᠬᠤᠳᠠ ᠶᠢᠨ ᠠᠵᠤ ᠠᠬᠤᠢ ᠶᠢᠨ | ᠠᠵᠢᠯᠯᠠᠭᠠᠨ ᠤ ᠪᠠᠶᠢᠳᠠᠯ ᠶᠡᠷᠦᠩᠬᠡᠢ ᠳᠡᠭᠡᠨ ᠰᠠᠶᠢᠵᠢᠷᠠᠵᠤ᠂ ᠲᠣᠭᠲᠠᠭᠤᠨ ᠤ ᠳᠤᠮᠳᠠ ᠲᠦᠷᠭᠡᠨ ᠰᠠᠶᠢᠨ ᠳᠡᠭᠡᠭᠰᠢᠯᠡᠵᠦ | ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠂ ᠮᠥᠨ | ᠤᠯᠠᠨ ᠢᠶᠠᠷ ᠢᠶᠠᠨ ᠠᠵᠢᠯ ᠬᠢᠵᠦ ᠦᠢᠯᠡᠰ ᠪᠦᠲᠦᠭᠡᠬᠦ ᠡᠷᠴᠢ ᠵᠣᠷᠢᠭ᠂ ᠥᠷᠢᠰᠦᠯᠳᠦᠨ ᠭᠦᠢᠴᠡᠵᠦ ᠳᠠᠪᠠᠵᠤ ᠭᠠᠷᠬᠤ | ᠪᠠᠶᠢᠳᠠᠯ ᠢ ᠣᠯᠵᠤ ᠬᠠᠷᠠᠵᠠᠢ᠃ ᠳᠥᠷᠪᠡᠳᠦᠭᠡᠷ ᠤᠯᠠᠷᠢᠯ ᠤᠨ ᠠᠵᠤ ᠠᠬᠤᠢ ᠨᠢ ᠡᠨᠡ ᠵᠢᠯ ᠤᠨ ᠬᠠᠷᠠᠯᠲᠠ ᠪᠠᠨ | ᠪᠡᠶᠡᠯᠡᠭᠦᠯᠬᠦ ᠪᠠ ᠢᠷᠡᠬᠦ ᠵᠢᠯ ᠤᠨ ᠰᠠᠶᠢᠨ ᠡᠬᠢᠯᠡᠯᠲᠡ ᠲᠠᠢ ᠬᠤᠯᠪᠣᠭᠳᠠᠵᠤ ᠪᠣᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠣᠨᠣᠪᠴᠢᠲᠠᠶ ᠮᠠᠭᠠᠳᠯᠠᠵᠤ᠂ ᠪᠦᠬᠦ ᠵᠢᠯ ᠤᠨ | ᠬᠠᠷᠠᠯᠲᠠ ᠪᠠᠨ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ ᠢᠷᠡᠬᠦ ᠵᠢᠯ ᠵᠢᠴᠢ ᠲᠠᠷᠠᠭᠠᠴᠢ ᠶᠢᠨ ᠱᠠᠲᠤᠨ ᠤ | ᠠᠵᠢᠯ ᠤᠨ ᠲᠠᠯ᠎ᠠ ᠪᠠᠷ᠂ ᠾᠧ ᠬᠠᠢ ᠳ᠋ᠦᠩ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ︽ᠭᠦᠢᠴᠡᠳᠬᠡᠯ ᠲᠤᠭ᠎ᠠ︾᠂ ︽ᠲᠥᠷᠥᠯ ᠵᠦᠢᠯ︾᠂ ︽ᠲᠥᠰᠥᠪ ᠤᠨ ᠬᠡᠪᠴᠢᠶ᠎ᠡ︾ ᠶᠢ ᠴᠢᠩᠭ᠎ᠠ ᠠᠩᠬᠠᠷᠴᠤ | ᠂ ᠠᠵᠤ ᠦᠢᠯᠡᠰ ᠤᠨ ᠪᠠᠶᠢᠷᠢᠰᠢᠭᠤᠯᠤᠯᠲᠠ᠂ ᠠᠵᠤ ᠦᠢᠯᠡᠰ ᠤᠨ ᠲᠠᠰ ᠳᠠᠪᠰᠢᠯᠲᠠ᠂ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ | ᠳᠡᠭᠡᠭᠰᠢᠯᠡᠯᠲᠡ ᠶᠢ ᠠᠬᠢᠭᠤᠯᠬᠤ ᠶᠢᠨ ᠬᠠᠮᠲᠤ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ | ᠬᠡᠷᠡᠭᠲᠡᠢ᠃ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠦᠯᠵᠢᠶᠡᠨ ᠤ | ᠪᠠᠷᠠᠭᠠᠨ ᠤ ᠲᠡᠭᠡᠭᠡᠪᠦᠷᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠠᠶᠢᠲᠤᠷ ᠠᠳᠬᠤᠵᠤ᠂ ᠬᠡᠷᠡᠭᠯᠡᠭᠡᠨ ᠤ ᠨᠡᠮᠡᠭᠳᠡᠯ ᠢ ᠠᠬᠢᠭᠤᠯᠬᠤ ᠬᠡᠷᠡᠭᠲᠡᠢ᠃ | ᠬᠤᠳᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢ ᠢᠳᠡᠪᠬᠢᠲᠡᠢ ᠥᠷᠭᠡᠳᠬᠡᠵᠦ᠂ ︽ | ᠣᠷᠣᠨ ᠤ ᠲᠥᠪ ᠤᠨ ᠬᠤᠳᠠ ᠶᠢᠨ ᠴᠠᠭᠠᠷᠢᠭ︾ ᠢ ᠪᠠᠶᠢᠭᠤᠯᠬᠤ᠂ ᠪᠠᠷᠠᠭᠤᠨ ᠬᠡᠰᠡᠭ ᠤᠨ ᠣᠷᠣᠨ ᠪᠦᠰᠡ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠡᠷᠴᠢᠮᠲᠡᠢ ᠬᠦᠴᠦᠯᠡᠬᠦ ᠬᠡᠷᠡᠭᠲᠡᠢ᠃ ᠰᠤᠷᠭᠠᠨ | ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠠᠯ᠎ᠠ ᠪᠠᠷ ︽ᠨᠡᠮᠡᠬᠦ ᠠᠷᠭ᠎ᠠ︾ ᠶᠢ ᠬᠡᠷᠡᠭᠯᠡᠵᠦ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠵᠢᠢ ᠹᠧᠢ᠂ ᠸᠠᠩ ᠰᠢᠨ ᠢᠦᠢ᠂ ᠯᠢ ᠵᠢᠶᠦ᠋ᠨ᠂ | ᠵᠢᠶᠣᠣ ᠬᠤᠩ᠂ ᠯᠢ ᠰᠢᠶᠣᠣ ᠶᠠᠨ᠂ ᠹᠦ᠋ ᠶᠢᠨ ᠽᠠᠢ ᠬᠤᠷᠠᠯ ᠳᠤ ᠣᠷᠣᠯᠴᠠᠪᠠ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ |