ᠪᠣᠣ ᠭᠠᠩ ᠰᠠᠶᠢᠬᠠᠨ ᠲᠣᠭᠤᠷᠢᠭ ᠲᠤ ᠬᠦᠷᠴᠦ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/24
      ︵ᠰᠤᠷᠪᠤᠯᠵᠢᠯᠠᠭᠴᠢ ᠶᠦᠨ ᠵᠢᠩ︶ 10 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠥᠪᠡᠷ ᠤᠨ ᠳᠠᠭᠠᠭᠠᠴᠢᠯᠠᠨ ᠬᠠᠷᠢᠯᠴᠠᠬᠤ ᠣᠷᠣᠨ ᠪᠣᠯᠬᠤ ᠰᠠᠶᠢᠬᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ᠃      ᠥᠪᠥᠷ ᠮᠣᠩᠭᠤᠯ ᠤᠨ ᠧᠦ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠤᠨ ᠬᠡᠯᠬᠢᠶᠡᠨ ᠳᠠᠬᠢ ᠠᠵᠤ ᠠᠬᠤᠶᠢᠯᠠᠯ ᠪᠣᠯᠣᠨ᠎ᠠ᠃ ᠲᠤᠰ ᠠᠵᠤ ᠠᠬᠤᠶᠢᠯᠠᠯ ᠳᠤ᠂ ᠪᠣᠣ ᠭᠠᠩ ᠠᠵᠤ ᠠᠬᠤᠶᠢᠯᠠᠯ ᠤᠨ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠵᠤ ᠠᠬᠤᠶᠢᠯᠠᠯ ᠤᠨ  ᠬᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠭᠤᠣᠯ ᠰᠡᠳᠦᠪᠲᠦ ᠬᠥᠮᠦᠵᠢᠯ ᠥᠷᠨᠢᠭᠦᠯᠬᠦ ᠳᠡᠭᠡᠨ ᠰᠤᠷᠤᠯᠴᠠᠬᠤ ᠭᠤᠣᠯᠳᠠᠯᠭ᠎ᠠ ᠪᠠᠨ ᠳᠣᠪᠣᠶᠢᠯᠭᠠᠨ᠂ ᠭᠤᠣᠯ ᠬᠠᠷᠢᠭᠤᠴᠠᠯᠭ᠎ᠠ ᠭᠤᠣᠯ ᠠᠵᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠰᠠᠶᠢᠬᠠᠨ ᠲᠣᠭᠤᠷᠢᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠵᠢᠴᠢ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠢ ᠰᠣᠨᠣᠰᠴᠠᠢ᠃ ᠲᠡᠷᠡ ᠴᠢᠬᠤᠯᠠᠴᠢᠯᠠᠬᠤ ᠳᠠᠭᠠᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠦᠵᠡᠯ ᠰᠠᠨᠠᠭ᠎ᠠ ᠶᠢ ᠰᠤᠷᠤᠯᠴᠠᠬᠤ ᠶᠢ ᠢᠮᠠᠭᠲᠠ ᠲᠤᠭᠤᠰᠢᠯᠠᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠢᠰᠲ᠋ᠧᠮ ᠲᠠᠢ ᠣᠶᠢᠯᠠᠭᠠᠨ ᠡᠵᠡᠮᠰᠢᠵᠦ᠂ ᠬᠠᠷᠠᠭ᠎ᠠ ᠪᠠᠨ ᠲᠡᠯᠡᠵᠦ ᠪᠠᠶᠢᠷᠢᠰᠢᠯ ᠢᠶᠠᠨ ᠳᠡᠭᠡᠭᠰᠢᠯᠡᠭᠦᠯᠵᠦ᠂ ᠤᠨᠤᠯ ᠤᠨ ᠲᠦᠪᠰᠢᠨ ᠪᠣᠯᠣᠨ ᠬᠤᠷᠸ᠎ᠠ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠵᠢᠯ  ᠬᠢᠵᠦ ᠦᠢᠯᠡᠰ ᠪᠦᠲᠦᠭᠡᠬᠦ ᠶᠢ ᠢᠮᠠᠭᠲᠠ ᠲᠤᠭᠤᠰᠢᠯᠠᠭᠤᠯᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠢ᠂ ᠨᠡᠶᠢᠭᠡᠮ᠂ ᠠᠮᠢ ᠠᠬᠤᠢ᠂ ᠰᠣᠶᠣᠯ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠤᠷᠲᠠᠯ ᠤᠨ ᠬᠤᠪᠢᠷᠠᠭᠤᠯᠤᠯᠲᠠ ᠶᠢ ᠢᠮᠠᠭᠲᠠ ᠲᠤᠭᠤᠰᠢᠯᠠᠭᠤᠯᠵᠤ᠂ ᠺᠠᠳ᠋ᠷᠴᠤᠳ ᠤᠨ ᠰᠤᠷᠲᠠᠯ ᠤᠨ ᠶᠡᠭᠡ ᠬᠤᠪᠢᠷᠠᠭᠤᠯᠤᠯᠲᠠ ᠶᠢ ᠦᠨᠡᠨᠬᠦ ᠠᠬᠢᠭᠤᠯᠵᠤ᠂ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠨᠢᠭᠡᠳᠦᠭᠡᠷ ᠹᠷᠣᠨᠲ ᠲᠤ ᠣᠴᠢᠭᠤᠯᠤᠨ ᠠᠷᠭ᠎ᠠ ᠤᠬᠠᠭᠠᠨ ᠭᠠᠷᠭᠠᠯᠭᠠᠵᠤ᠂ ᠪᠣᠳᠠᠲᠠᠢ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠰᠢᠶᠠᠩ ᠪᠠᠯᠭᠠᠰᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠂ ᠲᠣᠰᠬᠤᠨ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ ᠠᠳᠠᠯᠢ ᠪᠤᠰᠤ ᠲᠡᠰ ᠳᠠᠪᠬᠤᠷᠭ᠎ᠠ ᠠᠳᠠᠯᠢ ᠪᠤᠰᠤ ᠬᠦᠷᠢᠶ᠎ᠡ ᠴᠠᠷᠠᠭ᠎ᠠ ᠶᠢᠨ ᠠᠳᠠᠯᠢ ᠪᠤᠰᠤ ᠡᠲᠡᠭᠡᠳ ᠢ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠨᠢᠭᠡ ᠯᠡ ᠠᠳᠠᠯᠢ ᠪᠠᠷ ᠱᠠᠭᠠᠷᠳᠠᠬᠤ᠂ ᠪᠠᠶᠢᠳᠠᠯ ᠢ ᠠᠷᠭᠠᠴᠠᠬᠤ ᠮᠠᠶ᠋ᠢᠭ ᠤᠨ᠂ ᠬᠤᠳᠠᠯ ᠶᠡᠭᠡ ᠬᠤᠭᠤᠰᠤᠨ ᠪᠠᠶᠢᠳᠠᠯ ᠢ ᠦᠨᠡᠨ ᠬᠦ ᠡᠷᠡᠰ ᠬᠤᠷᠢᠭᠯᠠᠬᠤ ᠬᠡᠷᠡᠭᠲᠡᠢ ᠭᠡᠵᠡᠢ᠃      ᠪᠣᠣ ᠭᠠᠩ ᠳᠠᠷᠠᠭᠠᠴᠢ ᠶᠢᠨ ᠠᠯᠬᠤᠮ ᠳᠤ ︽ᠶᠠᠭᠠᠬᠢᠵᠤ ᠬᠢᠬᠦ︾ ᠪᠠᠷ ᠭᠤᠣᠯᠳᠠᠭᠤᠯᠵᠤ ᠴᠢᠬᠤᠯᠠᠴᠢᠯᠠᠬᠤ ᠳᠠᠭᠠᠨ᠂ ᠰᠤᠷᠤᠯᠴᠠᠬᠤ ᠪᠣᠯ ᠦᠢᠯᠡᠳᠦᠯᠭᠡ ᠶᠢ ᠵᠢᠯᠤᠭᠤᠳᠴᠤ᠂ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠰᠠᠶᠢᠬᠠᠨ ᠲᠣᠭᠤᠷᠢᠭ ᠪᠣᠯ ᠠᠵᠤ ᠠᠬᠤᠢ ᠶᠢᠨ ᠲᠣᠮᠣ ᠲᠣᠭᠤᠷᠢᠭ᠂ ᠬᠥᠮᠥᠨ ᠠᠮᠠ ᠶᠢᠨ ᠲᠣᠮᠣ ᠲᠣᠭᠤᠷᠢᠭ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠰᠠᠶᠢᠬᠠᠨ ᠲᠣᠭᠤᠷᠢᠭ ᠠᠴᠠ ᠦᠰᠦᠷᠦᠨ ᠭᠠᠷᠴᠤ ᠪᠦᠬᠦ ᠤᠯᠤᠰ ᠢ ᠬᠠᠷᠠᠵᠤ᠂ ᠪᠦᠬᠦ ᠣᠷᠣᠨ ᠢ ᠬᠠᠷᠠᠵᠤ᠂ ᠶᠡᠭᠡ ᠬᠠᠷᠠᠭᠠᠰᠤ ᠶᠡᠭᠡ ᠪᠠᠶᠢᠷᠢᠰᠢᠯ ᠢᠶᠠᠷ ᠠᠯᠤᠰ ᠬᠡᠳᠤ ᠶᠢᠨ ᠬᠥᠭᠵᠢᠯᠲᠡ ᠶᠢ ᠲᠥᠯᠥᠪᠵᠢᠭᠦᠯᠵᠦ ᠂ ᠪᠠᠭ᠎ᠠ ᠯᠠ ᠲᠠᠪᠰᠢᠪᠠᠯ ᠰᠡᠳᠬᠢᠯ ᠬᠠᠨᠤᠬᠤ᠂ ᠤᠳᠤ ᠶᠢᠨ ᠪᠠᠶᠢᠳᠠᠯ ᠳᠠᠭᠠᠨ ᠰᠡᠳᠬᠢᠯ ᠬᠠᠨᠤᠬᠤ ᠰᠡᠳᠬᠢᠯᠭᠡ ᠶᠢ ᠡᠷᠡᠰ ᠲᠡᠪᠴᠢᠵᠦ᠂ ᠵᠥᠷᠢᠶ᠎ᠡ ᠪᠠᠨ ᠭᠦᠨᠵᠡᠭᠡᠢ ᠠᠭᠤᠳᠠᠯᠤᠨ ᠨᠠᠷᠢᠨ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠣᠳᠠᠲᠠᠢ ᠠᠳᠬᠤᠬᠤ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ᠬᠤᠳᠠ ᠶᠢᠨ ᠲᠠᠷᠢᠶᠠᠯᠠᠩ ᠠᠵᠤ ᠠᠬᠤᠢ ᠪᠣᠯᠣᠨ ᠤᠳᠤ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠠᠵᠤ ᠠᠬᠤᠢ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠪᠠ ᠣᠷᠣᠨ ᠪᠦᠰᠡ ᠶᠢᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠠᠵᠤ ᠠᠬᠤᠢ ᠶᠢᠨ ᠬᠡᠪᠴᠢᠶᠡᠵᠢᠭᠰᠡᠨ᠂ ᠣᠶᠤᠨᠴᠢᠯᠠᠭᠰᠠᠨ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠃ ᠠᠵᠤ ᠦᠢᠯᠡᠳᠪᠦᠷᠢ ᠪᠠᠷ ᠲᠣᠭᠤᠷᠢᠭ ᠢᠶᠠᠨ ᠪᠣᠰᠬᠠᠬᠤ᠂ ᠠᠵᠤ ᠦᠢᠯᠡᠳᠪᠦᠷᠢ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠲᠠᠰ ᠤᠨ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠰᠠᠶᠢᠲᠤᠷ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠢᠵᠢ ᠪᠦᠷᠢᠳᠦᠭᠦᠯᠬᠦ ᠦᠢᠯᠡᠴᠢᠯᠡᠭᠡ ᠶᠢ ᠳᠡᠭᠡᠭᠰᠢᠯᠡᠭᠦᠯᠦᠨ᠂ ᠰᠢᠨ᠎ᠡ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠳᠣᠣᠷᠠᠳᠤ ᠤᠷᠤᠰᠬᠠᠯ ᠲᠡᠶᠢᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠲᠡᠶᠢᠰᠢ ᠳᠡᠭᠡᠭᠰᠢᠯᠡᠭᠦᠯᠬᠦ ᠬᠡᠷᠡᠭᠲᠡᠢ᠃ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠵᠦ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢᠶᠠᠷ ᠭᠤᠣᠯ ᠪᠣᠯᠭᠠᠭᠰᠠᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠲᠦᠷᠭᠡᠨ ᠪᠠᠶᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠣᠷᠣᠨ ᠤ ᠲᠥᠪ ᠲᠤ  ᠲᠦᠪᠯᠡᠷᠡᠭᠦᠯᠵᠦ ᠲᠠᠷᠬᠠᠭᠠᠬᠤ ᠶᠢ ᠠᠬᠢᠭᠤᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠤᠳᠠᠯᠳᠤᠭᠠᠨ ᠤ ᠲᠣᠭᠤᠷᠢᠭ ᠢ ᠢᠳᠡᠪᠬᠢᠲᠡᠢ ᠪᠠᠷ ᠪᠣᠶ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠬᠥᠮᠥᠨ ᠠᠮᠠ ᠶᠢᠨ ᠲᠣᠮᠣ ᠲᠣᠭᠤᠷᠢᠭ ᠤᠨ ᠬᠡᠷᠡᠭᠯᠡᠭᠡ ᠶᠢ ᠳᠠᠶᠢᠴᠢᠯᠠᠬᠤ ᠲᠠᠯ᠎ᠠ ᠪᠠᠷ ᠬᠢ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠂ ᠡᠮ ᠡᠮᠨᠡᠯᠭᠡ᠂ ᠰᠤᠷᠭᠠᠨ ᠬᠥᠮᠦᠵᠢᠯ ᠤᠨ ᠠᠷᠠᠳ ᠤᠨ ᠠᠮᠢᠳᠤᠷᠠᠯ ᠤᠨ ᠪᠠᠭᠤᠷᠠᠢ ᠲᠠᠯ᠎ᠠ ᠶᠢ ᠨᠥᠬᠦᠪᠦᠷᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠪᠣᠯᠣᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷᠴᠤᠳ ᠢ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠵᠤ᠂ ᠴᠢᠳᠠᠪᠤᠷᠢ ᠲᠠᠢ ᠨᠢ ᠳᠠᠪᠰᠢᠵᠤ᠂ ᠴᠢᠳᠠᠪᠤᠷᠢ ᠦᠭᠡᠢ  ᠨᠢ ᠪᠠᠭᠤᠬᠤ ᠬᠥᠮᠥᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷᠴᠤᠳ ᠤᠨ ᠴᠤᠭ ᠰᠦᠯᠳᠡ ᠶᠢ ᠦᠨᠡᠨ ᠬᠦ ᠪᠠᠳᠠᠷᠠᠭᠤᠯᠵᠤ᠂ ᠠᠵᠢᠯ ᠬᠢᠵᠦ ᠦᠢᠯᠡᠰ ᠪᠦᠲᠦᠭᠡᠬᠦ ᠰᠡᠳᠬᠢᠯᠭᠡ ᠶᠢ ᠬᠥᠭᠵᠢᠭᠡᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤᠮᠳᠠ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠲᠤᠰ ᠡᠳᠦᠷ᠂ ᠪᠣᠣ ᠭᠠᠩ ᠪᠠᠰᠠ ᠰᠠᠶᠢᠬᠠᠨ ᠲᠣᠭᠤᠷᠢᠭ ᠤᠨ ᠬᠤᠷᠢᠨ ᠲᠣᠰᠬᠤᠨ ᠳᠤ ᠭᠦᠨᠵᠡᠭᠡᠶᠢᠷᠡᠨ ᠥᠪᠥᠷ ᠮᠣᠩᠭᠤᠯ ᠤᠨ ᠵᠢᠶᠠ ᠱᠢ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠰᠡᠯᠡᠭᠦᠴᠡᠨ ᠲᠡᠭᠦᠬᠦ᠂ ᠲᠠᠷᠢᠶᠠᠯᠠᠩ ᠤᠨ ᠵᠢᠭᠤᠯᠴᠢᠯᠠᠯ᠂ ᠭᠡᠷ ᠪᠠᠭᠤᠳᠠᠯ ᠤᠨ ᠵᠢᠭᠤᠯᠴᠢᠯᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠤᠲᠠ ᠶᠢᠨ ᠠᠷᠠᠳ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠶᠢ ᠵᠣᠷᠢᠭᠵᠢᠭᠤᠯᠪᠠ᠃      ᠬᠤᠲᠠ ᠶᠢᠨ ᠤᠳᠤᠷᠢᠳᠤᠯᠭ᠎ᠠ ᠱᠠᠩ ᠵᠢᠩ ᠮᠢᠨ᠂ ᠸᠠᠩ ᠬᠠᠢ ᠢᠦᠢ᠂ ᠯᠢ ᠰᠢᠶᠣᠣ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1