︽ᠠᠵᠤ ᠠᠬᠤᠶᠢᠯᠠᠯ ᠤᠨ BA︾ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/10/25
     10 ᠳ᠋ᠤᠭᠠᠷ ᠰᠠᠷ᠎ᠠ ᠶᠢᠨ 23 ᠤ ᠡᠳᠦᠷ᠂ 2023 ᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ︵ᠥᠪᠥᠷ ᠮᠣᠩᠭᠤᠯ ᠤᠨ ᠪᠡᠯᠡᠳᠬᠡᠯ ᠤᠷᠤᠯᠳᠤᠭᠠᠨ︶ ᠵᠢᠴᠢ ︽ᠲᠢᠶᠠᠨ ᠬᠤᠸ ᠬᠤᠨᠳᠠᠭᠠᠲᠤ︾ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ︵ᠠᠵᠤ ᠠᠬᠤᠶᠢᠯᠠᠯ ᠤᠨ BA︶ ᠤ ᠰᠢᠢᠳᠪᠦᠷᠢᠲᠦ ᠤᠷᠤᠯᠳᠤᠭᠠᠨ ᠴᠢᠩ ᠱᠦᠢ ᠾᠧ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃
     10 ᠴᠠᠭ 20 ᠮᠢᠨᠦ᠋ᠲ ᠲᠤ᠂ ᠱᠦᠭᠯᠦ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠤ ᠲᠠᠯᠠᠪᠤᠷ ᠤᠨ ᠠᠭᠤᠷ ᠠᠮᠢᠰᠬᠤᠯ ᠬᠤᠷᠣᠮᠬᠠᠨ ᠵᠠᠭᠤᠷ᠎ᠠ ᠨᠣᠴᠣᠵᠤ᠂ ᠤᠯᠠᠨ ᠢᠶᠠᠷ ᠢᠶᠠᠨ ᠬᠤᠷᠴᠠ ᠰᠢᠷᠦᠭᠦᠨ ᠢᠶᠠᠷ ᠪᠥᠮᠪᠦᠭᠡ ᠪᠤᠯᠢᠶᠠᠵᠤ᠂ ᠪᠤᠰᠢᠭᠤ ᠱᠠᠯᠠᠮᠠᠭᠠᠢ ᠪᠠᠷ ᠪᠥᠮᠪᠦᠭᠡ ᠵᠠᠯᠠᠵᠤ᠂ ᠤᠷᠠᠨ ᠳᠡᠮᠲᠡᠢ ᠪᠠᠷ ᠪᠥᠮᠪᠦᠭᠡ ᠳᠠᠮᠵᠢᠭᠤᠯᠵᠤ᠂ ᠭᠤᠶᠤ ᠰᠠᠶᠢᠬᠠᠨ ᠢᠶᠠᠷ ᠰᠠᠭᠰᠤᠯᠠᠵᠤ᠂ ᠤᠳᠠᠭ᠎ᠠ ᠪᠦᠷᠢ ᠨᠣᠮᠣᠨ ᠱᠤᠭᠤᠮ ᠢᠶᠠᠷ ᠤᠯᠠᠨ ᠤ ᠬᠠᠷᠠᠴᠠ ᠶᠢ ᠪᠤᠯᠢᠶᠠᠨ ᠰᠠᠭᠰᠤᠨ ᠳᠤ ᠣᠷᠣᠬᠤ ᠦᠶ᠎ᠡ ᠳᠤ᠂ ᠤᠷᠤᠯᠳᠤᠭᠠᠨ ᠤ ᠲᠠᠯᠠᠪᠤᠷ ᠲᠠᠬᠢ ᠬᠥᠮᠥᠰ ᠤᠨ ᠵᠢᠷᠦᠬᠡᠨ ᠴᠣᠬᠢᠯᠭ᠎ᠠ ᠶᠢ ᠲᠠᠲᠠᠵᠤ᠂ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠤ ᠪᠠᠶᠢᠯ᠎ᠠ᠃ᠡᠴᠦᠰ ᠲᠤ᠂ ᠲᠢᠶᠠᠨ ᠬᠤᠤ ᠪᠦᠯᠦᠭᠯᠡᠯ ᠤᠨ ᠪᠥᠮᠪᠥᠭᠡᠨ ᠠᠩᠭᠢ ᠵᠠᠯᠭᠠᠭ᠎ᠠ ᠪᠠᠷ ᠳᠥᠷᠪᠡᠨ ᠲᠠᠯᠠᠪᠤᠷ ᠢᠯᠠᠵᠤ᠂ 79᠄ 55  ᠪᠠᠷ ᠯᠢ ᠪᠦᠦ ᠬᠤᠩ ᠠᠩᠭᠢ ᠶᠢ ᠢᠯᠠᠵᠤ ᠬᠡᠳᠦ ᠳᠡᠰ ᠤᠨ ᠳᠤᠭᠤᠶᠢᠯᠠᠩ ᠤᠨ ᠮᠠᠩᠯᠠᠢ ᠳᠤ ᠰᠢᠯᠭᠠᠷᠠᠵᠤ᠂ ᠲᠢᠶᠠᠨ ᠬᠤᠤ ᠰᠢᠯᠢ ᠰᠢᠷᠬᠡᠭ ᠤᠨ ᠠᠩᠭᠢ 48᠄ 42  ᠪᠠᠷ ᠬᠥᠬᠡᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠠᠩᠭᠢ ᠶᠢ ᠢᠯᠠᠵᠤ ᠰᠣᠳᠣᠴᠤᠤᠯ ᠤᠨ ᠳᠤᠭᠤᠶᠢᠯᠠᠩ ᠤᠨ ᠮᠠᠩᠯᠠᠢ ᠳᠤ ᠰᠢᠯᠭᠠᠷᠠᠵᠠᠢ᠃ᠠᠩᠭᠢ ᠶᠢᠨ ᠭᠡᠰᠢᠭᠦᠳ ᠪᠠᠶᠠᠷᠯᠠᠨ ᠬᠥᠭᠡᠷᠦᠯᠳᠦᠵᠦ᠂ ᠤᠷᠤᠯᠳᠤᠭᠠᠨ ᠤ ᠲᠠᠯᠠᠪᠤᠷ ᠨᠢ ᠪᠠᠶᠠᠷ ᠬᠥᠷ ᠲᠠᠢ ᠳᠠᠯᠠᠢ ᠪᠣᠯᠪᠠ᠃
     ᠤᠷᠤᠯᠳᠤᠭᠠᠨ ᠤ ᠳᠠᠷᠠᠭ᠎ᠠ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠲᠡᠭᠦᠰᠬᠦ ᠶᠣᠰᠣᠯᠠᠯ ᠶᠠᠪᠤᠭᠤᠯᠪᠠ᠃ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠵᠡᠷᠭᠡ ᠰᠢᠶᠠᠨ ᠤ ᠤᠳᠤᠷᠢᠳᠤᠯᠭ᠎ᠠ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃ᠱᠠᠩᠨᠠᠯ ᠣᠯᠭᠤᠬᠤ ᠶᠣᠰᠣᠯᠠᠯ ᠥᠩᠭᠡᠷᠡᠭᠰᠡᠨ ᠤ ᠳᠠᠷᠠᠭ᠎ᠠ᠂ ᠴᠧᠨ ᠬᠤᠷᠴᠠ ︽ᠠᠵᠤ ᠠᠬᠤᠶᠢᠯᠠᠯ ᠤᠨ BA︾ ᠲᠡᠭᠦᠰ ᠠᠮᠵᠢᠯᠲᠠ ᠲᠠᠢ ᠲᠡᠭᠦᠰᠦᠭᠰᠡᠨ ᠢ ᠵᠠᠷᠯᠠᠵᠤ᠂ ᠲᠣᠰ ᠬᠤᠭᠤᠴᠠᠭᠠᠨ ᠤ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠲᠡᠭᠦᠰ ᠠᠮᠵᠢᠯᠲᠠ ᠲᠠᠢ ᠲᠡᠭᠦᠰᠬᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1